ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠮᠧᠩ ᠴᠠᠩ ᠶᠦᠨ ᠤᠷᠠᠳ ᠤᠨ ᠡᠮᠦᠨᠡᠲᠦ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/13
      6 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠧᠩ ᠴᠠᠩ ᠶᠦᠨ ᠤᠷᠠᠳ ᠤᠨ ᠡᠮᠦᠨᠡᠲᠦ ᠬᠤᠰᠢᠭᠤᠨ ᠳᠤ ᠢᠷᠡᠵᠦ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠮᠧᠩ ᠴᠠᠩ ᠶᠦᠨ ᠪᠣᠯᠣᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠢᠶᠠᠨ ᠶᠦᠩ ᠴᠢᠩ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ ᠣᠶᠤᠨᠲᠤ ᠲᠠᠷᠢᠶᠠᠯᠠᠩ ᠤᠨ ᠣᠶᠤᠨᠴᠢ ᠡᠵᠡᠩᠨᠡᠯᠲᠡ ᠶᠢᠨ ᠲᠥᠪ᠂ ᠴᠢᠩ ᠰᠦᠩ ᠡᠪᠡᠰᠦᠨ ᠤ ᠦᠢᠯᠡᠰ᠂ ᠮᠧᠩ ᠨᠢᠦ 10 ᠲᠦᠮᠡᠨ ᠰᠠᠭᠠᠯᠢ ᠶᠢᠨ ᠦᠨᠢᠶᠡᠨ ᠤ ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ᠂ ᠬᠤᠸᠠ ᠲᠦᠸᠧ ᠠᠭᠤᠷᠬᠠᠢ ᠶᠢᠨ ᠦᠢᠯᠡᠰ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠷᠠᠳ ᠤᠨ ᠡᠮᠦᠨᠡᠲᠦ ᠬᠤᠰᠢᠭᠤᠨ ᠤ ᠣᠶᠤᠨᠲᠤ ᠲᠠᠷᠢᠶᠠᠯᠠᠩ᠂  ᠪᠠ ᠮᠸᠢ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ᠂ ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠬᠤᠸᠠ  ᠲᠦᠸᠧ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠬᠠᠭᠤᠷᠠᠢ ᠪᠠᠷ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠮᠧᠩ ᠴᠠᠩ ᠶᠦᠨ ᠡᠷᠳᠡᠨᠢᠪᠤᠯᠠᠭ ᠰᠤᠮᠤ ᠶᠢᠨ ᠠᠷᠴᠠ ᠭᠠᠴᠠᠭ᠎ᠠ᠂ ᠮᠤᠨᠠ ᠠᠭᠤᠯᠠ ᠪᠠᠯᠭᠠᠰᠤ ᠶᠢᠨ ᠿᠦᠢ ᠲᠠᠢ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠬᠦᠷᠴᠦ᠂ ᠲᠥᠯᠥᠭᠡᠯᠡᠭᠴᠢ ᠶᠢᠨ ᠭᠡᠷ ᠤᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃     ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠢᠶᠠᠨ ᠶᠦᠩ ᠴᠢᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠨ ᠪᠠᠶᠢᠳᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠪᠠᠶᠢᠭᠤᠯᠤᠯᠲᠠ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠩᠨᠡᠭᠡ ᠶᠢᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠵᠡᠷᠭᠡ ᠠᠵᠢᠯ ᠢ ᠲᠠᠨᠢᠯᠴᠠᠭᠤᠯᠪᠠ᠃ ᠮᠤᠨᠠ ᠠᠭᠤᠯᠠ ᠪᠠᠯᠭᠠᠰᠤ᠂ ᠰᠢᠨ ᠠᠨ ᠪᠠᠯᠭᠠᠰᠤ ᠵᠡᠷᠭᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠠᠴᠠ ᠲᠣᠰ ᠲᠣᠰ ᠤᠨ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠠᠨᠢᠯᠴᠠᠭᠤᠯᠪᠠ᠃ ᠮᠧᠩ ᠴᠠᠩ ᠶᠦᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠬᠡᠯᠡᠬᠦ ᠳᠡᠭᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠢ ᠪᠠᠶᠢᠭᠤᠯᠤᠨ ᠲᠡᠭᠦᠯᠳᠡᠷᠵᠢᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠪᠦᠲᠦᠮᠵᠢᠲᠡᠶ ᠪᠠᠲᠤᠯᠠᠭ᠎ᠠ ᠮᠥᠨ᠂ ᠤᠷᠠᠳ ᠤᠨ ᠡᠮᠦᠨᠡᠲᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠ ᠲᠥᠯᠥᠭᠡᠯᠡᠭᠴᠢ ᠶᠢᠨ ᠭᠡᠷ ᠤᠨ ᠴᠢᠳᠠᠮᠵᠢ ᠶᠢ ᠪᠠᠳᠠᠷᠠᠭᠤᠯᠬᠤ ᠵᠡᠷᠭᠡ ᠲᠠᠯ᠎ᠠ ᠪᠠᠷ ᠢᠯᠡᠭᠦᠬᠡᠨ ᠬᠦᠴᠦ ᠲᠠᠯᠪᠢᠵᠤ᠂ ᠠᠵᠢᠯᠯᠠᠭ᠎ᠠ ᠶᠢ ᠪᠠᠶᠢᠩᠭᠤᠵᠢᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠤᠰᠬᠠᠶᠢᠵᠢᠭᠤᠯᠬᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠰᠢᠨ᠎ᠡ ᠶᠢ ᠡᠭᠦᠳᠬᠦ᠂ ᠠᠰᠠᠭᠤᠳᠠᠯ ᠢ ᠲᠣᠳᠣᠷᠬᠠᠢ ᠬᠠᠭᠤᠳᠠᠰᠤᠵᠢᠭᠤᠯᠬᠤ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠳᠣᠲᠣᠭᠠᠳᠤ ᠠᠭᠤᠯᠬᠤᠨ  ᠲᠠᠢ᠂ ᠤᠳᠬ᠎ᠠ ᠠᠭᠤᠯᠭ᠎ᠠ  ᠲᠠᠢ ᠠᠵᠢᠯᠯᠠᠭ᠎ᠠ ᠪᠠᠷ ᠡᠯ᠎ᠡ ᠱᠠᠲᠤᠨ ᠤ ᠲᠥᠯᠥᠭᠡᠯᠡᠭᠴᠢᠳ ᠤᠨ ᠭᠡᠷ ᠪᠦᠯᠢ ᠶᠢᠨ ᠣᠷᠣᠰᠢᠨ ᠲᠣᠭᠲᠠᠨᠢᠬᠤ ᠲᠥᠷᠥᠭᠳᠡᠯ ᠢ ᠴᠢᠩᠭᠠᠳᠬᠠᠵᠤ᠂ ᠲᠦᠷᠦᠯ ᠬᠤᠪᠢᠶᠠᠨ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠲᠥᠯᠥᠭᠡᠯᠡᠭᠴᠢ ᠶᠢᠨ ᠭᠡᠷ ᠪᠠᠶᠢᠭᠤᠯᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠴᠢᠳᠠᠪᠤᠷᠢ ᠶᠢ ᠨᠡᠮᠡᠭᠳᠡᠭᠦᠯᠵᠦ᠂ ᠡᠯ᠎ᠡ ᠱᠠᠲᠤᠨ ᠤ ᠡᠯ᠎ᠡ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠴᠥᠮ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠦᠨᠡᠨᠬᠦ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠣᠷᠤᠯᠴᠠᠬᠤ ᠢᠳᠡᠪᠬᠢ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠪᠡ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ