ᠤᠷᠠᠳ ᠤᠨ ᠡᠮᠦᠨᠡᠲᠦ ᠬᠤᠰᠢᠭᠤ ᠲᠤᠲᠤᠷᠭ᠎ᠠ ᠶᠢᠨ ᠲᠠᠷᠢᠶᠠᠨ ᠳᠤ ᠭᠤᠣᠯ ᠤᠨ ᠨᠠᠢᠮᠠᠯᠵᠢ ᠲᠡᠵᠢᠭᠡᠭᠡᠳ ᠣᠷᠣᠯᠭ᠎ᠠ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2022/6/14
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠹᠦ᠋ ᠶᠤᠸᠠᠨ ᠬᠠᠢ ᠲᠠᠷᠢᠶᠠᠯᠠᠩ ᠤᠨ ᠠᠷᠠᠯᠵᠢᠶᠠᠨ ᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠬᠢᠨ ᠰᠤᠳᠠᠯ ᠤᠨ ᠬᠤᠳᠳᠤᠭ ᠲᠠᠷᠢᠶᠠᠯᠠᠩ ᠤᠨ ᠲᠠᠯᠠᠪᠠᠶ ᠶᠢᠨ ᠳᠥᠷᠪᠡᠳᠦᠭᠡᠷ ᠰᠤᠮᠤᠨ ᠤ ᠲᠤᠲᠤᠷᠭ᠎ᠠ ᠨᠠᠢᠮᠠᠯᠵᠢ ᠶᠢᠨ ᠰᠠᠭᠤᠷᠢᠨ ᠭᠠᠵᠠᠷ ᠲᠤ 800 ᠲᠦᠮᠡᠨ ᠭᠤᠣᠯ ᠤᠨ ᠨᠠᠢᠮᠠᠯᠵᠢ ᠶᠢᠨ ᠦᠷ᠎ᠡ ᠶᠢ ᠰᠢᠨᠵᠢᠯᠡᠬᠦ ᠤᠬᠠᠭᠠᠨᠴᠢ ᠪᠠᠷ ᠲᠠᠯᠪᠢᠵᠤ᠂ ︽ᠨᠢᠭᠡ ᠲᠠᠷᠢᠶᠠᠨ ᠭᠠᠵᠠᠷ ᠢ ᠬᠤᠶᠠᠷ ᠵᠦᠢᠯ ᠳᠤ ᠬᠡᠷᠡᠭᠯᠡᠬᠦ︾  ᠪᠣᠬᠢᠷᠳᠤᠯ ᠦᠭᠡᠢ ᠳᠠᠷᠢᠵᠤ ᠲᠡᠵᠢᠭᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠡᠵᠢᠭᠡᠨ ᠦᠷᠡᠵᠢᠭᠦᠯᠬᠦ ᠡᠷᠦᠬᠡ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠪᠡ᠃     ᠰᠤᠷᠪᠤᠯᠵᠢᠯᠠᠭᠴᠢ ᠵᠧᠩ ᠯᠢ ᠬᠤᠸᠠ ᠲᠠᠢ ᠠᠭᠤᠯᠵᠠᠬᠤ ᠦᠶ᠎ᠡ ᠳᠤ᠂ ᠲᠡᠷᠡ ᠶᠠᠭ ᠨᠠᠢᠮᠠᠯᠵᠢ ᠶᠢᠨ ᠦᠷ᠎ᠡ ᠲᠠᠯᠪᠢᠵᠤ ᠪᠠᠶᠢᠪᠠ᠃ ᠵᠧᠩ ᠯᠢ ᠬᠤᠸᠠ᠄ ︽ᠡᠨᠡ ᠵᠢᠯ ᠪᠣᠯ ᠮᠠᠨ ᠤ ᠲᠤᠲᠤᠷᠭ᠎ᠠ ᠶᠢᠨ ᠲᠠᠷᠢᠶᠠᠨ ᠳᠤ ᠨᠠᠢᠮᠠᠯᠵᠢ ᠲᠡᠵᠢᠭᠡᠭᠰᠡᠨ ᠳᠥᠷᠪᠡᠳᠦᠭᠡᠷ ᠵᠢᠯ ᠪᠣᠯᠣᠨ᠎ᠠ᠂ ᠲᠤᠷᠰᠢᠯᠭ᠎ᠠ ᠴᠤ ᠨᠠᠩ ᠪᠣᠯᠪᠠᠰᠤᠷᠠᠩᠭᠤᠢ ᠪᠣᠯᠵᠠᠢ᠂ ᠰᠠᠷ᠎ᠠ ᠶᠢᠨ ᠰᠡᠭᠦᠯᠴᠢ ᠪᠣᠯᠤᠭᠠᠳ ᠲᠤᠲᠤᠷᠭ᠎ᠠ ᠶᠢᠨ ᠴᠢᠬᠢ  ᠤᠷᠭᠤᠵᠤ ᠭᠠᠷᠪᠠᠯ ᠭᠤᠣᠯ ᠤᠨ ᠨᠠᠢᠮᠠᠯᠵᠢ ᠶᠢ ᠲᠤᠲᠤᠷᠭ᠎ᠠ ᠶᠢᠨ ᠲᠠᠷᠢᠶᠠᠨ ᠳᠤ ᠬᠢᠵᠦ ᠪᠣᠯᠣᠨ᠎ᠠ︾ ᠭᠡᠵᠦ ᠪᠠᠶᠠᠷᠲᠠᠢ ᠪᠠᠷ ᠬᠡᠯᠡᠪᠡ᠃

水稻河蟹1.jpg

     ᠬᠤᠰᠢᠭᠤᠨ ᠤ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠬᠤᠸᠠ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠢᠨ ᠠᠨ ᠹᠦ᠋

ᠶᠤᠸᠠᠨ ᠬᠠᠢ ᠲᠠᠷᠢᠶᠠᠯᠠᠩ ᠤᠨ ᠠᠷᠠᠯᠵᠢᠶᠠᠨ ᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠣᠲᠣ 350 ᠮᠦ ᠲᠤᠲᠤᠷᠭ᠎ᠠ ᠶᠢᠨ ᠲᠠᠷᠢᠶ᠎ᠠ ᠲᠠᠢ᠂ ᠲᠣᠰ

ᠤᠳᠠᠭᠠᠨ ᠤ ᠣᠷᠣᠭᠤᠯᠤᠭᠰᠠᠨ 800 ᠲᠦᠮᠡᠨ ᠭᠤᠣᠯ ᠤᠨ ᠨᠠᠢᠮᠠᠯᠵᠢ ᠵᠢᠱᠢᠯᠲᠡ ᠪᠠᠷ 9 ᠰᠠᠷ᠎ᠠ ᠳᠤ ᠵᠠᠬ᠎ᠠ ᠳᠡᠯᠭᠡᠭᠦᠷ ᠲᠤ ᠭᠠᠷᠭᠠᠪᠠᠯ᠂ ᠮᠦ ᠪᠦᠷᠢ ᠶᠢᠨ ᠳᠤᠮᠳᠠᠴᠢ

ᠤᠨᠠᠯᠲᠠ ᠨᠢ 150 ︱ 200 ᠵᠢᠩ ᠳᠤ ᠬᠦᠷᠴᠦ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ 2000 ︱ 3000 ᠲᠥᠭᠦᠷᠢᠭ ᠤᠨ ᠣᠷᠣᠯᠭ᠎ᠠ ᠶᠢ

ᠨᠡᠮᠡᠭᠳᠡᠭᠦᠯᠦᠨ᠎ᠡ ᠭᠡᠵᠡᠢ᠃

     ᠣᠶᠢᠯᠠᠭᠠᠭᠰᠠᠨ ᠢᠶᠠᠷ᠂ ᠲᠤᠲᠤᠷᠭ᠎ᠠ ᠶᠢᠨ ᠲᠠᠷᠢᠶᠠᠨ ᠳᠤ ᠭᠤᠣᠯ ᠤᠨ ᠨᠠᠢᠮᠠᠯᠵᠢ ᠲᠡᠵᠢᠭᠡᠪᠡᠯ ᠭᠠᠵᠠᠷ ᠰᠢᠷᠣᠢ ᠪᠠ ᠤᠰᠤᠨ ᠤ ᠡᠬᠢ ᠪᠠᠶᠠᠯᠢᠭ ᠤᠨ

ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ

ᠬᠡᠷᠡᠭᠯᠡᠯᠲᠡ ᠶᠢ ᠪᠠᠭᠠᠰᠬᠠᠬᠤ ᠶᠢᠨ ᠬᠠᠮᠲᠤ ᠤᠰᠤᠨ ᠳᠣᠲᠣᠷᠠᠬᠢ ᠬᠤᠷᠣᠬᠠᠢ᠂ ᠲᠠᠷᠢᠶᠠᠨ ᠤ ᠬᠤᠭ ᠡᠪᠡᠰᠦ ᠪᠠ ᠬᠥᠪᠥᠮᠡᠯ ᠠᠮᠢᠳᠤ ᠪᠣᠳᠠᠰ ᠨᠢ ᠭᠤᠣᠯ ᠤᠨ

ᠨᠠᠢᠮᠠᠯᠵᠢ ᠳᠤ ᠲᠡᠵᠢᠭᠡᠯ ᠪᠣᠷᠳᠤᠭ᠎ᠠ ᠬᠠᠩᠭᠠᠵᠤ᠂ ᠭᠤᠣᠯ ᠤᠨ ᠨᠠᠢᠮᠠᠯᠵᠢ ᠴᠤ ᠤᠰᠤᠨ ᠲᠤᠲᠤᠷᠭ᠎ᠠ ᠶᠢᠨ ᠬᠥᠷᠥᠰᠥ ᠶᠢ ᠰᠤᠯᠠᠷᠠᠭᠤᠯᠬᠤ᠂ ᠡᠪᠡᠰᠦ ᠠᠷᠢᠯᠭᠠᠬᠤ᠂

ᠬᠤᠷᠣᠬᠠᠢ ᠪᠠᠷᠢᠬᠤ᠂ ᠪᠣᠷᠳᠣᠭᠤᠷ  ᠣᠷᠤᠭᠤᠯᠬᠤ ᠦᠢᠯᠡᠳᠦᠯ  ᠭᠠᠷᠭᠠᠵᠤ ᠳᠡᠶᠢᠯᠦᠨ᠎ᠡ᠃

     ᠲᠤᠲᠤᠷᠭ᠎ᠠ ᠪᠠᠷ ᠨᠠᠢᠮᠠᠯᠵᠢ ᠲᠡᠵᠢᠭᠡᠵᠦ᠂ ᠨᠠᠢᠮᠠᠯᠵᠢ ᠲᠤᠲᠤᠷᠭ᠎ᠠ ᠶᠢ ᠠᠷᠠᠴᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠣᠷᠣᠰᠢᠵᠤ᠂ ︽ᠨᠢᠭᠡ ᠲᠠᠷᠢᠶᠠᠨ

ᠭᠠᠵᠠᠷ ᠢ ᠬᠤᠶᠠᠷ ᠵᠦᠢᠯ ᠢ ᠬᠡᠷᠡᠭᠯᠡᠬᠦ᠂ ᠨᠢᠭᠡ ᠲᠠᠷᠢᠶᠠᠨ ᠭᠠᠵᠠᠷ ᠠᠴᠠ ᠬᠤᠶᠠᠷ ᠵᠦᠢᠯ ᠢ ᠬᠤᠷᠢᠶᠠᠬᠤ︾ ᠶᠢ ᠦᠨᠡᠨ ᠬᠦ ᠪᠡᠶᠡᠯᠡᠭᠦᠯᠵᠦ᠂ ᠡᠷᠬᠢᠨ ᠲᠣᠭᠤᠷᠢᠨ ᠤ 70

ᠭᠠᠷᠤᠢ ᠲᠡᠵᠢᠭᠡᠨ ᠦᠷᠡᠵᠢᠭᠦᠯᠬᠦ ᠡᠷᠦᠬᠡ ᠶᠢᠨ ᠠᠰᠢᠭ ᠣᠷᠣᠯᠭ᠎ᠠ ᠶᠢ ᠨᠡᠮᠡᠭᠳᠡᠭᠦᠯᠵᠦ᠂ ᠤᠯᠠᠮᠵᠢᠯᠠᠯᠲᠤ ᠲᠠᠷᠢᠶᠠᠯᠠᠩ ᠠᠴᠠ ᠤᠳᠤ ᠦᠶ᠎ᠡ ᠶᠢᠨ ᠲᠠᠷᠢᠶᠠᠯᠠᠩ ᠲᠡᠶᠢᠰᠢ

ᠬᠤᠪᠢᠷᠠᠭᠤᠯᠬᠤ ᠶᠢ  ᠪᠡᠶᠡᠯᠡᠭᠦᠯᠬᠦ ᠪᠣᠯᠤᠨ᠎ᠠ᠃

水稻河蟹2.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ