ᠬᠤᠰᠢᠭᠤᠨ ᠤ  ᠬᠤᠲᠠ ᠶᠢᠨ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ 
ᠨᠡᠶᠢᠲᠡᠯᠡᠭᠰᠡᠨ ᠴᠠᠭ᠄
2022/6/14
     ᠪᠣᠯᠪᠠᠰᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠴᠡᠪᠡᠷ ᠴᠡᠮᠴᠡᠭᠡᠷ᠂ ᠡᠶ᠎ᠡ ᠵᠣᠬᠢᠴᠠᠩᠭᠤᠶ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠯᠠᠪᠳᠠᠭᠤᠨ ᠪᠠᠲᠤᠲᠠᠶ ᠠᠵᠢᠯᠯᠠᠭ᠎ᠠ ᠪᠠᠷ ᠢᠶᠠᠨ ᠬᠤᠲᠠ ᠶᠢᠨ ᠣᠷᠴᠢᠨ ᠲᠣᠭᠤᠷᠢᠨ ᠪᠠ ᠡᠮᠬᠢ ᠳᠢᠭᠯᠢᠮ ᠢ ᠬᠠᠮᠠᠭᠠᠯᠠᠬᠤ ᠶᠢᠨ ᠬᠠᠮᠲᠤ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠪᠣᠯᠪᠠᠰᠤᠨ ᠬᠤᠲᠠ ᠶᠢ ᠰᠢᠯᠭᠠᠨ ᠬᠤᠷᠢᠶᠠᠬᠤ ᠳᠤ ᠰᠠᠶᠢᠲᠤᠷ ᠪᠡᠯᠡᠳᠬᠡᠯ  ᠬᠢᠵᠤ ᠪᠠᠶᠢᠨ᠎ᠠ᠃

城管1.jpg

     ᠡᠳᠦᠷ ᠲᠤᠲᠤᠮ ᠤᠨ ᠠᠵᠢᠯ ᠳᠤᠮᠳᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠮᠠᠭᠲᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ ᠤᠶᠠᠯᠳᠤᠭᠤᠯᠪᠠ᠃ ᠣᠶᠢᠷ᠎ᠠ ᠶᠢᠨ ᠬᠡᠳᠦᠨ ᠡᠳᠦᠷ ᠤᠨ

ᠲᠤᠷᠰᠢ᠂ ᠲᠣᠰ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠭᠤᠤᠯ ᠵᠡᠭᠡᠯᠢ ᠭᠤᠳᠤᠮᠵᠢ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠢ ᠨᠥᠯᠥᠭᠡᠯᠡᠬᠦ ᠡᠯ᠎ᠡ  ᠵᠦᠢᠯ ᠤᠨ ᠦᠵᠡᠭᠳᠡᠯ ᠢ ᠲᠥᠪᠯᠡᠷᠡᠭᠦᠯᠦᠨ ᠴᠡᠪᠡᠷᠯᠡᠨ ᠴᠡᠭᠴᠡᠯᠡᠵᠦ᠂ ᠥᠨᠴᠥᠭ ᠪᠤᠯᠤᠩ ᠢ ᠴᠡᠪᠡᠷᠯᠡᠬᠦ᠂ ᠭᠤᠤᠯᠳᠠᠯᠭ᠎ᠠ ᠶᠢ ᠵᠠᠰᠠᠬᠤ᠂

ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ ᠶᠢ ᠴᠡᠭᠴᠡᠯᠡᠨ ᠵᠠᠰᠠᠬᠤ ᠪᠠᠷ ᠬᠦᠴᠦᠯᠡᠵᠦ ᠪᠠᠶᠢᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ

ᠠᠵᠢᠯᠲᠠᠳ ᠪᠤᠵᠠᠷ᠂ ᠶᠠᠳᠠᠷᠠᠯ ᠵᠦᠳᠡᠷᠡᠯ᠂ ᠵᠣᠪᠠᠭᠤᠷᠢ ᠵᠦᠳᠡᠭᠦᠷᠢ ᠶᠢ ᠢᠯᠡᠨ ᠳᠠᠪᠠᠵᠤ᠂ ᠬᠥᠮᠦᠨ ᠤ ᠬᠦᠴᠦ ᠪᠠᠷ ᠲᠡᠭᠡᠭᠡᠪᠦᠷᠢᠯᠡᠬᠦ ᠪᠠ ᠮᠠᠰᠢᠨ ᠢᠶᠠᠷ ᠴᠡᠪᠡᠷᠯᠡᠬᠦ

ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠤᠨ ᠡᠭᠦᠳᠡᠨ ᠡᠮᠦᠨ᠎ᠡ ᠲᠠᠯᠪᠢᠭᠰᠠᠨ ᠡᠳ᠋ ᠪᠣᠳᠠᠰ ᠵᠠᠮ ᠡᠵᠡᠯᠡᠭᠰᠡᠨ ᠡᠯ᠎ᠡ ᠲᠥᠷᠥᠯ ᠤᠨ

ᠪᠣᠳᠠᠰ ᠢ ᠲᠦᠢᠯᠪᠤᠷᠢᠲᠠᠶ ᠴᠡᠪᠡᠷᠯᠡᠪᠡ᠃

     ᠲᠣᠰ ᠡᠭᠡᠯᠵᠢ ᠳᠤ ᠨᠡᠶᠢᠲᠡ 20 ᠬᠠᠤᠯᠢ ᠬᠡᠷᠡᠭᠵᠢᠭᠦᠯᠬᠦ ᠠᠵᠢᠯᠲᠠᠨ᠂ 4 ᠬᠠᠤᠯᠢ ᠬᠡᠷᠡᠭᠵᠢᠭᠦᠯᠬᠦ ᠲᠡᠷᠭᠡ᠂ 1 ᠤᠳᠬᠤᠭᠤᠷ ᠲᠡᠷᠭᠡ᠂ 2 ᠬᠤᠭ ᠨᠣᠪᠰᠢ

ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠲᠥᠪᠯᠡᠷᠡᠭᠦᠯᠦᠨ ᠴᠡᠪᠡᠷᠯᠡᠵᠦ᠂ 150 ᠭᠠᠷᠤᠶ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ ᠢ ᠴᠡᠪᠡᠷᠯᠡᠪᠡ᠃

城管2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ