ᠤᠷᠠᠳ ᠤᠨ ᠡᠮᠦᠨᠡᠲᠦ ᠬᠤᠰᠢᠭᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/14
     ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠵᠢᠴᠢ ᠲᠤᠰᠬᠠᠢ ᠮᠡᠷᠭᠡᠵᠢᠯ ᠤᠨ ᠤᠷ᠎ᠠ ᠮᠡᠷᠭᠡᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠥᠬᠦ ᠬᠤᠰᠢᠭᠤᠨ ᠤ ᠢᠳᠡᠪᠬᠢᠵᠢᠯ ᠤᠨ ᠬᠡᠮᠵᠢᠶ᠎ᠡ ᠪᠠᠷ ᠨᠡᠯᠢᠶᠡᠳ ᠥᠨᠳᠥᠷ 10 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠯ ᠬᠦᠷᠲᠡᠭᠡᠪᠡ᠃

志愿者1.jpg

     ᠪᠣᠯᠪᠠᠰᠤᠷᠠᠭᠤᠯᠤᠯ ᠤᠨ ᠬᠤᠷᠠᠯ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠣᠷᠤᠯᠴᠠᠬᠤ ᠦᠨᠳᠦᠰᠦᠨ ᠠᠷᠭ᠎ᠠ ᠵᠠᠮ᠂ ᠰᠠᠶᠢᠨ ᠳᠤᠷ᠎ᠠ ᠶᠢᠨ

ᠦᠢᠯᠡᠴᠢᠯᠡᠭᠡᠨ ᠤ ᠵᠦᠢᠯᠡᠰ ᠢ ᠲᠥᠰᠥᠪᠯᠡᠬᠦ ᠪᠠ ᠰᠢᠨ᠎ᠡ ᠶᠢ ᠡᠭᠦᠳᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠵᠣᠬᠢᠶᠠᠨ ᠪᠠᠶᠢᠭᠤᠯᠤᠯᠲᠠ ᠪᠠ

ᠪᠠᠶᠢᠭᠤᠯᠤᠯᠲᠠ ᠵᠡᠷᠭᠡ ᠲᠠᠯ᠎ᠠ ᠪᠠᠷ ᠪᠣᠯᠪᠠᠰᠤᠷᠠᠭᠤᠯᠤᠯ ᠳᠤ ᠣᠷᠣᠯᠴᠠᠭᠰᠠᠳ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ

ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠪᠠ᠃ ᠪᠣᠯᠪᠠᠰᠤᠷᠠᠯ ᠳᠤ ᠣᠷᠣᠯᠴᠠᠭᠰᠠᠳ ᠪᠣᠯᠪᠠᠰᠤᠨ ᠤ ᠦᠢᠯᠡᠳᠦᠯᠭᠡ ᠶᠢᠨ

ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠪᠠᠷ ᠠᠵᠠ ᠲᠣᠬᠢᠶᠠᠯ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ

ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠢᠳᠡᠪᠬᠢᠲᠡᠢ ᠣᠷᠣᠯᠴᠠᠵᠤ᠂ ︽ᠬᠤᠪᠢ ᠨᠡᠮᠡᠷᠢ ᠂ ᠬᠠᠶᠢᠷ᠎ᠠ ᠨᠦᠬᠦᠷᠯᠡᠯ᠂ ᠬᠠᠷᠢᠯᠴᠠᠨ ᠬᠠᠪᠰᠤᠷᠤᠯᠴᠠᠬᠤ᠂

ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠭᠦᠨᠵᠡᠭᠡᠢ ᠥᠷᠨᠢᠬᠦ ᠶᠢ

ᠠᠬᠢᠭᠤᠯᠤᠨ᠎ᠠ ᠭᠡᠵᠦ ᠢᠯᠡᠳᠬᠡᠵᠡᠭᠡᠪᠡ᠃

     ᠬᠤᠷᠠᠯ ᠳᠡᠭᠡᠷ᠎ᠡ ᠪᠠᠰᠠ ᠬᠡᠰᠡᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ︽ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ

ᠦᠢᠯᠡᠴᠢᠯᠡᠭᠡᠨ ᠤ ᠴᠡᠭ︾ ᠭᠡᠬᠦ ᠫᠠᠶᠢᠰᠠ ᠣᠯᠭᠤᠵᠠᠢ᠃

志愿者2.jpg

 

志愿者3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ