| | | | 6 ᠰᠠᠷ᠎ᠠ ᠶᠢᠨ 9 ᠤ ᠡᠳᠦᠷ ᠠᠴᠠ 6 ᠰᠠᠷ᠎ᠠ ᠶᠢᠨ 12 ᠤᠨ ᠡᠳᠦᠷ ᠪᠣᠯᠲᠠᠯ᠎ᠠ᠂ ᠪᠸᠢ ᠴᠧᠨ ᡁᠢ ᠺᠦ᠋ ᠶᠢᠨ ᠲᠡᠷᠢᠭᠦᠨ ᠤ ᠲᠤᠰᠬᠠᠶ ᠮᠡᠷᠭᠡᠵᠢᠯᠲᠡᠨ ᠸᠧᠨ ᠹᠧᠩ | ᠨᠡᠷ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠠᠵᠤ ᠠᠬᠤᠶ ᠨᠡᠶᠢᠭᠡᠮ ᠤᠨ ᠪᠣᠬᠢᠷᠲᠤᠯ | ᠥᠬᠡᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠤᠬᠠᠶ ᠪᠠᠶᠢᠴᠠᠭᠠᠨ ᠰᠤᠳᠤᠯᠤᠯᠲᠠ ᠬᠢᠪᠠ᠃ | | | | | | ᠭᠤᠷᠪᠠᠨ ᠡᠳᠦᠷ ᠤᠨ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ 11 | ᠰᠤᠮᠤ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠤᠰᠬᠠᠬᠤ ᠬᠦᠷᠢᠶᠡᠯᠡᠩ᠂ ᠬᠤᠲᠠ | ᠪᠠᠯᠭᠠᠰᠤᠨ ᠤ ᠨᠡᠶᠢᠭᠡᠮ ᠲᠣᠭᠤᠷᠢᠭ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠦᠵᠡᠭᠦᠯᠭᠡ ᠶᠢᠨ ᠰᠠᠮᠪᠠᠷ᠎ᠠ ᠶᠢᠨ ᠮᠠᠲ᠋ᠧᠷᠢᠶᠠᠯ ᠢ ᠰᠣᠨᠢᠷᠬᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ᠂ ᠠᠵᠤ ᠦᠢᠯᠡᠳᠪᠦᠷᠢ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ | ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠲᠤᠯᠭᠠᠷᠠᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ | | | | | | ᠰᠠᠭᠤᠳᠠᠯ ᠤᠨ ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠤᠷᠠᠳ ᠤᠨ ᠡᠮᠦᠨᠡᠲᠦ ᠬᠤᠰᠢᠭᠤᠨ ᠤ ᠠᠳᠠᠯᠢ ᠪᠤᠰᠤ ᠳᠠᠪᠬᠤᠷᠭ᠎ᠠ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶ | ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠵᠤ | ᠠᠬᠤᠶᠢᠯᠠᠯ ᠤᠨ ᠲᠥᠯᠥᠭᠡᠯᠡᠭᠴᠢ ᠨᠡᠷ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠳ ᠤᠷᠠᠳ ᠤᠨ ᠡᠮᠦᠨᠡᠲᠦ | ᠬᠤᠰᠢᠭᠤᠨ ᠤ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠥᠪᠡᠷ ᠤᠨ ᠦᠵᠡᠯᠲᠡ ᠪᠠᠨ ᠲᠣᠳᠣᠷᠬᠠᠶᠢᠯᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠪᠣᠳᠣᠯᠭ᠎ᠠ ᠭᠠᠷᠭᠠᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠠᠳ ᠤᠨ ᠡᠮᠦᠨᠡᠲᠦ ᠬᠤᠰᠢᠭᠤᠨ ᠤ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶ | ᠠᠬᠢᠭᠤᠯᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠵᠤ᠂ ᠤᠷᠠᠳ ᠤᠨ ᠡᠮᠦᠨᠡᠲᠦ ᠬᠤᠰᠢᠭᠤᠨ ᠤ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠪᠣᠯᠤᠨ ᠬᠤᠯᠪᠣᠭᠳᠠᠯ ᠪᠥᠬᠦᠶ ᠰᠢᠢᠳᠪᠦᠷᠢᠲᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠠᠶᠢᠨ ᠡᠬᠢᠯᠡᠯᠲᠡ ᠲᠠᠢ ᠪᠣᠯᠬᠤ ᠪᠠᠷ ᠴᠢᠷᠮᠠᠶᠢᠬᠤ ᠶᠢ ᠬᠦᠰᠡᠪᠡ᠃ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠶᠢ ᠭᠦᠨᠵᠡᠭᠡᠶ ᠰᠤᠷᠤᠯᠴᠠᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ | ᠵᠠᠰᠠᠬᠤ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠡᠷᠭᠡᠵᠢᠯ ᠤᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠳᠡᠭᠡᠷ᠎ᠡ ᠬᠦᠴᠦ ᠲᠠᠯᠪᠢᠵᠤ᠂ ᠠᠵᠤ ᠠᠬᠤᠶᠢᠯᠠᠯ ᠤᠨ ᠪᠣᠬᠢᠷᠲᠤᠯ ᠥᠬᠡᠶ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠪᠥᠬᠦ | ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠡᠭᠦᠯ᠂ ᠦᠷᠭᠦᠯᠵᠢᠯᠡᠭᠰᠡᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︔ | ᠲᠠᠷᠢᠶᠠᠯᠠᠩ ᠤᠨ ᠦᠢᠯᠡᠳᠪᠦᠷᠢᠯᠡᠯ ᠤᠨ ᠭᠠᠵᠠᠷ ᠣᠷᠣᠨ ᠤ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠲᠠᠷᠢᠶᠠᠯᠠᠩ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠲᠠᠷᠢᠮᠠᠯ ᠤᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠲᠠᠷᠢᠶᠠᠯᠠᠩ ᠤᠨ ᠬᠥᠭᠵᠢᠯᠲᠡ ᠶᠢᠨ | ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠲᠠᠷᠢᠵᠤ ᠬᠠᠮᠢᠶᠠᠷᠬᠤ ᠬᠡᠷᠡᠭᠲᠡᠢ︔ ᠣᠨᠴᠠᠯᠢᠭᠲᠤ᠂ ᠴᠢᠨᠠᠷ ᠰᠠᠶᠢᠲᠠᠶ | ᠪᠦᠲᠦᠭᠡᠭᠳᠡᠬᠦᠨ ᠢ ᠪᠤᠶᠢᠵᠢᠭᠤᠯᠬᠤ ᠶᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠶ᠂ ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠶᠢᠨ ᠵᠠᠮ ᠢᠶᠠᠷ ᠵᠠᠮᠨᠠᠬᠤ | ᠬᠡᠷᠡᠭᠲᠡᠶ︔ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠴᠢᠨᠠᠷ | ᠰᠠᠶᠢᠲᠠᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠲᠡᠦᠬᠡ ᠰᠣᠶᠣᠯ ᠤᠨ ᠡᠬᠢ ᠪᠠᠶᠠᠯᠢᠭ ᠢ ᠴᠢᠨᠠᠭᠰᠢᠳᠠ ᠠᠭᠤᠳᠠᠯᠵᠤ᠂ ᠠᠮᠢ | ᠠᠬᠤᠢ ᠶᠢᠨ ᠠᠵᠢᠯ ᠢ ᠰᠠᠶᠢᠲᠤᠷ ᠬᠢᠵᠦ᠂ ᠡᠬᠢ ᠪᠠᠶᠠᠯᠢᠭ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠰᠢᠰᠲ᠋ᠧᠮᠲᠦ ᠴᠢᠨᠠᠷᠲᠠᠢ ᠠᠬᠢᠭᠤᠯᠬᠤ ᠶᠢ | ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠤᠭ ᠨᠣᠪᠰᠢ ᠪᠣᠯᠤᠨ ᠪᠣᠬᠢᠷ ᠤᠰᠤ ᠶᠢ ᠰᠢᠢᠳᠪᠦᠷᠢᠯᠡᠬᠦ ᠵᠡᠷᠭᠡ | ᠭᠤᠣᠯᠳᠠᠯᠭ᠎ᠠ ᠲᠠᠢ ᠠᠰᠠᠭᠤᠳᠠᠯ ᠠᠴᠠ ᠭᠠᠷᠳᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ | ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠢ ᠬᠡᠰᠡᠨ ᠪᠠᠶᠢᠨ᠎ᠠ᠃ | ᠸᠠᠩ ᠵᠢᠶᠦ᠋ᠨ ᠵᠢᠶᠧ ᠪᠸᠢ ᠴᠧᠨ ᡁᠢ ᠺᠦ᠋ ᠶᠢᠨ ᠲᠤᠰᠬᠠᠶ ᠮᠡᠷᠭᠡᠵᠢᠯᠲᠡᠨ ᠤ ᠤᠷᠠᠳ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠪᠠᠷ | ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ᠂ ᠲᠡᠷᠡ ᠵᠢᠭᠠᠵᠤ ᠭᠠᠷᠭᠠᠭᠰᠠᠨ ᠨᠢ᠂ ᠡᠯ᠎ᠡ ᠲᠤᠰᠬᠠᠶ ᠮᠡᠷᠭᠡᠵᠢᠯᠲᠡᠨ ᠤ ᠪᠥᠬᠦ | ᠬᠤᠰᠢᠭᠤᠨ ᠤ ᠲᠤᠬᠠᠶ ᠲᠦᠰᠦᠭᠡᠯᠡᠯ ᠪᠠ ᠵᠠᠳᠠᠯᠤᠯᠲᠠ᠂ ᠠᠯᠢ ᠲᠠᠯ᠎ᠠ ᠠᠴᠠ ᠭᠠᠷᠳᠠᠵᠤ ᠬᠢᠭᠰᠡᠨ ᠴᠦ᠂ ᠤᠷᠠᠳ ᠤᠨ ᠡᠮᠦᠨᠡᠲᠦ ᠬᠤᠰᠢᠭᠤᠨ ᠤ ᠣᠲᠣ ᠶᠢᠨ ᠪᠠ | ᠢᠷᠡᠭᠡᠳᠦᠶ ᠶᠢᠨ ᠬᠥᠭᠵᠢᠯᠲᠡ ᠳᠤ ᠴᠥᠮ ᠨᠢᠭᠡ ᠵᠦᠢᠯ ᠤᠨ ᠰᠢᠨ᠎ᠡ ᠰᠡᠳᠬᠢᠮᠵᠢ᠂ ᠰᠢᠨ᠎ᠡ ᠣᠶᠢᠯᠠᠭᠠᠭᠳᠠᠬᠤᠨ᠂ ᠰᠢᠨ᠎ᠡ ᠬᠠᠷᠠᠭᠠᠰᠤ ᠪᠣᠯᠬᠤ ᠶᠤᠮ᠂ ᠡᠲᠡᠭᠡᠷ ᠨᠢ | ᠴᠥᠮ ᠤᠷᠠᠳ ᠤᠨ ᠡᠮᠦᠨᠡᠲᠦ ᠬᠤᠰᠢᠭᠤᠨ ᠤ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠯᠠᠪᠯᠠᠯᠲᠠ ᠪᠣᠯᠭᠠᠬᠤ ᠡᠷᠬᠢᠮ ᠨᠠᠨᠳᠢᠨ ᠰᠠᠨᠠᠯ ᠪᠠ ᠰᠢᠢᠳᠪᠦᠷᠢᠲᠦ | ᠪᠣᠳᠣᠯᠭ᠎ᠠ ᠶᠢᠨ ᠰᠠᠨᠠᠭᠤᠯᠭ᠎ᠠ ᠪᠣᠯᠬᠤ ᠶᠤᠮ᠂ ᠪᠥᠬᠦ ᠬᠤᠰᠢᠭᠤ ᠪᠠᠷ ᠢᠶᠠᠨ ᠭᠦᠨᠵᠡᠭᠡᠶ ᠰᠤᠷᠤᠯᠴᠠᠨ ᠣᠶᠢᠯᠠᠭᠠᠵᠤ᠂ ᠪᠣᠳᠠᠲᠠᠶ ᠠᠵᠢᠯ ᠤᠨ ᠳᠤᠮᠳᠠ ᠪᠠᠨ ᠲᠣᠯᠢ ᠪᠣᠯᠭᠠᠨ | ᠬᠡᠷᠡᠭᠯᠡᠬᠦ ᠪᠣᠯᠤᠨ᠎ᠠ ᠭᠡᠵᠡᠢ᠃ | ᠬᠤᠰᠢᠭᠤᠨ ᠤ ᠤᠳᠤᠷᠢᠳᠤᠯᠭ᠎ᠠ ᠰᠠᠷᠠᠨᠴᠡᠴᠡᠭ᠂ ᠯᠢᠦ ᠶᠤᠸᠠᠢ ᠮᠢᠩ᠂ ᠰᠦ᠋ ᠴᠠᠩ᠂ ᠹᠠᠨ ᠵᠢᠶᠦ᠋ᠨ ᠬᠤᠢ᠂ ᠼᠤᠤ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠰᠤᠮᠤ ᠪᠠᠯᠭᠠᠰᠤᠨ ᠤ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |