ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠪᠣᠯᠣᠨ ᠳᠠᠪᠲᠠᠮᠵᠢ᠂ 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠦᠯᠢᠭᠡᠷ ᠠᠪᠬᠤ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠁ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/6/15
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 9 ᠤ ᠡᠳᠦᠷ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ -      ᠬᠢᠵᠢᠭ ᠤᠨ ᠪᠠᠶᠢᠳᠠᠯ ᠭᠠᠷᠤᠭᠰᠠᠨ ᠦᠭᠡᠢ ᠮᠥᠷᠲᠡᠭᠡᠨ ᠬᠠᠯᠳᠠᠪᠤᠷᠢᠯᠠᠨ ᠣᠷᠣᠬᠤ ᠠᠶᠤᠯ ᠲᠦᠭᠰᠢᠭᠦᠷᠢ ᠦᠭᠡᠢ ᠭᠠᠵᠠᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠠᠶᠢᠩᠭᠤᠵᠢᠭᠤᠯᠬᠤ ᠴᠢᠬᠤᠯᠠ ᠦᠭᠡᠢ      ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠪᠠ ᠤᠳᠠᠭ᠎ᠠ ᠳᠠᠪᠲᠠᠮᠵᠢ ᠶᠢ ᠬᠤᠪᠢᠶᠠᠷᠢᠯᠠᠨ ᠲᠣᠭᠲᠠᠭᠠᠵᠤ᠂ ᠪᠥᠬᠦ ᠬᠥᠮᠥᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠦᠷᠢᠶ᠎ᠡ ᠬᠡᠪᠴᠢᠶ᠎ᠡ ᠶᠢ ᠰᠣᠬᠤᠷ ᠪᠠᠯᠠᠢ ᠪᠠᠷ ᠥᠷᠭᠡᠳᠬᠡᠬᠦ ᠠᠴᠠ ᠵᠠᠶᠢᠯᠠᠰᠬᠢᠵᠦ᠂ ᠪᠠᠶᠢᠴᠠᠭᠠᠯᠲᠠ ᠶᠢ ᠬᠦᠯᠢᠶᠡᠬᠦ ᠬᠥᠮᠥᠰ ᠤᠨ ᠲᠦᠭᠰᠢᠭᠦᠷᠢ ᠶᠢᠨ ᠲᠠᠰ ᠢᠶᠠᠷ ᠨᠢ ᠥᠨᠳᠥᠷ ᠠᠴᠠ ᠳᠣᠣᠷ᠎ᠠ ᠲᠠᠰ ᠳᠠᠷᠠᠭᠠᠯᠠᠯ ᠢᠶᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ ᠬᠡᠷᠡᠭᠲᠡᠢ᠃ ᠪᠢᠲᠡᠭᠦᠮᠵᠢᠯᠡᠨ ᠡᠵᠡᠮᠳᠡᠬᠦ ᠣᠷᠣᠨ ᠳᠤ 24 ᠴᠠᠭ ᠤᠨ ᠳᠣᠲᠣᠷ᠎ᠠ ᠨᠢᠭᠡᠳᠦᠭᠡᠷ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠬᠠᠮᠢᠶᠠᠷᠤᠨ ᠡᠵᠡᠮᠳᠡᠬᠦ ᠣᠷᠣᠨ ᠳᠤ 48 ᠴᠠᠭ ᠤᠨ ᠳᠣᠲᠣᠷ᠎ᠠ ᠨᠢᠭᠡᠳᠦᠭᠡᠷ ᠡᠭᠡᠯᠵᠢ ᠶᠢᠨ ᠪᠥᠬᠦ ᠬᠥᠮᠥᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ᠃ ᠥᠭᠡᠷ᠎ᠡ ᠪᠠᠷ ᠬᠡᠯᠡᠪᠡᠯ᠂ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠵᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯᠲᠠᠨ᠂ ᠬᠦᠷᠢᠶ᠎ᠡ ᠬᠡᠪᠴᠢᠶ᠎ᠡ᠂ ᠤᠳᠠᠭ᠎ᠠ ᠳᠠᠷᠠᠭ᠎ᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠪᠠ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠵᠡᠷᠭᠡ ᠶᠢᠨ ᠬᠥᠮᠥᠰ ᠭᠠᠳᠠᠭᠰᠢ ᠭᠠᠷᠴᠤ ᠪᠣᠯᠬᠤ ᠦᠭᠡᠢ᠂ ᠭᠡᠪᠡᠴᠦ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠳᠣᠣᠷ᠎ᠠ ᠲᠦᠭᠰᠢᠭᠦᠷᠢᠲᠦ ᠭᠠᠵᠠᠷ ᠣᠷᠣᠨ ᠪᠠ ᠰᠡᠷᠭᠡᠶᠢᠯᠡᠯᠲᠡ ᠶᠢᠨ ᠣᠷᠣᠨ ᠳᠤ ᠦᠨᠡᠨ ᠬᠦ ᠭᠠᠳᠠᠭᠰᠢ ᠭᠠᠷᠬᠤ ᠴᠢᠬᠤᠯᠠᠲᠠᠢ ᠪᠠᠶᠢᠪᠠᠯ᠂ 48 ᠴᠠᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃     ᠬᠢᠵᠢᠭ ᠤᠨ ᠪᠠᠶᠢᠳᠠᠯ ᠡᠭᠦᠰᠦᠭᠰᠡᠨ ᠦᠭᠡᠢ ᠪᠥᠭᠡᠳ ᠬᠠᠯᠳᠠᠪᠤᠷᠢᠯᠠᠨ ᠣᠷᠣᠬᠤ ᠲᠦᠭᠰᠢᠭᠦᠷᠢ ᠴᠦ ᠦᠭᠡᠢ ᠭᠠᠵᠠᠷ ᠣᠷᠣᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠨᠢᠭᠡ ᠵᠦᠢᠯ ᠤᠨ ᠪᠠᠶᠢᠩᠭᠤᠵᠢᠭᠰᠠᠨ ᠪᠠᠶᠢᠳᠠᠯ ᠪᠣᠯᠭᠠᠬᠤ ᠴᠢᠬᠤᠯᠠ ᠦᠭᠡᠢ᠃         15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠲᠣᠭᠤᠷᠢᠭ ᠢ ᠴᠠᠭ ᠪᠠ ᠪᠠᠶᠢᠳᠠᠯ ᠢ ᠦᠨᠳᠦᠰᠦᠯᠡᠵᠦ ᠪᠠᠶᠢᠭᠤᠯᠬᠤ ᠡᠰᠡᠬᠦ ᠪᠠᠨ ᠲᠣᠭᠲᠠᠭᠠᠨ᠎ᠠ     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠶᠠᠪᠤᠴᠠ ᠳᠤ᠂ ᠵᠢᠱᠢᠶᠡᠯᠡᠪᠡᠯ ᠬᠢᠯᠢ ᠶᠢᠨ ᠪᠣᠭᠤᠮᠲᠠ ᠶᠢᠨ ᠬᠤᠲᠠ᠂ ᠮᠤᠵᠢ ᠶᠢᠨ ᠲᠥᠪ ᠬᠤᠲᠠ ᠪᠠ ᠮᠢᠩᠭᠠᠨ ᠲᠦᠮᠡᠨ ᠲᠠᠰ ᠤᠨ ᠬᠥᠮᠥᠨ ᠠᠮᠠ ᠲᠠᠢ ᠬᠤᠲᠠ ᠳᠤ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠬᠤ ᠲᠦᠭᠰᠢᠭᠦᠷᠢ ᠨᠡᠯᠢᠶᠡᠳ ᠶᠡᠭᠡ ᠪᠠᠶᠢᠳᠠᠭ ᠪᠣᠯᠬᠤᠷ ᠡᠲᠡᠭᠡᠷ ᠬᠤᠲᠠ ᠳᠤ 15 ᠮᠢᠨᠦ᠋ᠲ ᠤᠨ ᠳᠣᠲᠣᠷ᠎ᠠ ᠶᠠᠪᠠᠭᠠᠨ ᠢᠶᠠᠷ ᠬᠦᠷᠴᠦ ᠪᠣᠯᠬᠤ ᠪᠥᠭᠡᠮ ᠬᠦᠴᠢᠯ ᠤᠨ ᠥᠯᠢᠭᠡᠷ ᠠᠪᠬᠤ ᠲᠣᠭᠤᠷᠢᠭ ᠪᠠᠶᠢᠭᠤᠯᠬᠤ ᠨᠢ ᠪᠠᠶᠢᠴᠠᠭᠠᠬᠤ ᠶᠣᠰᠣᠲᠠᠢ ᠬᠦᠮᠦᠰ ᠢ ᠴᠥᠮ ᠪᠠᠶᠢᠴᠠᠭᠠᠬᠤ ᠪᠠ ᠪᠠᠶᠢᠴᠠᠭᠠᠬᠤ ᠳᠤᠷᠠᠲᠠᠢ ᠬᠥᠮᠥᠰ ᠢ ᠴᠥᠮ ᠪᠠᠶᠢᠴᠠᠭᠠᠬᠤ ᠳᠤ ᠨᠠᠩ ᠲᠥᠬᠦᠮ ᠪᠥᠭᠡᠳ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠦᠢᠯᠡᠴᠢᠯᠡᠭᠡ ᠬᠠᠩᠭᠠᠬᠤ ᠳᠤ ᠨᠡᠩ ᠠᠰᠢᠭᠲᠠᠢ ᠶᠤᠮ︔ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠬᠦ ᠰᠡᠷᠭᠡᠭ ᠴᠢᠨᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠢᠯᠡᠷᠡᠭᠦᠯᠬᠦ ᠲᠣᠭᠲᠠᠯᠴᠠᠭ᠎ᠠ ᠶᠢ ᠪᠠᠬᠢᠵᠢᠭᠦᠯᠬᠦ ᠳᠤ ᠠᠰᠢᠭᠲᠠᠢ︔ ᠪᠠᠰᠠ ᠳᠠᠯᠳᠠ ᠲᠦᠭᠰᠢᠭᠦᠷᠢ ᠶᠢ ᠨᠠᠩ ᠡᠷᠲᠡ ᠢᠯᠡᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠩ ᠲᠦᠷᠭᠡᠨ ᠬᠡᠷᠡᠭᠵᠢᠭᠦᠯᠵᠦ᠂ ᠶᠡᠭᠡ ᠬᠡᠪᠴᠢᠶᠡᠨ ᠤ ᠪᠠ ᠳᠡᠯᠪᠡᠷᠡᠯᠲᠡ ᠶᠢᠨ ᠮᠠᠶ᠋ᠢᠭ ᠤᠨ ᠴᠤᠭᠯᠠᠷᠠᠯ ᠤᠨ ᠬᠢᠵᠢᠭ ᠤᠨ ᠪᠠᠶᠢᠳᠠᠯ ᠡᠭᠦᠰᠬᠦ ᠠᠴᠠ ᠵᠠᠶᠢᠯᠠᠰᠬᠢᠬᠦ ᠳᠤ ᠠᠰᠢᠭᠲᠠᠢ ᠶᠤᠮ᠃ ᠣᠨᠴᠠᠭᠠᠶᠢᠯᠠᠨ ᠴᠢᠬᠤᠯᠠᠴᠢᠯᠠᠬᠤ ᠨᠢ᠂ 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠥᠯᠢᠭᠡᠷ ᠠᠪᠬᠤ ᠲᠣᠭᠤᠷᠢᠭ ᠢ ᠪᠣᠶ ᠪᠦᠬᠦᠢ ᠬᠤᠲᠠ ᠳᠤ ᠴᠥᠮ ᠪᠠᠶᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠢᠰᠢ᠂ ᠭᠤᠣᠯᠳᠠᠭᠤ ᠬᠢᠵᠢᠭ ᠤᠨ ᠪᠠᠶᠢᠳᠠᠯ ᠪᠠ ᠬᠠᠯᠳᠠᠪᠤᠷᠢᠯᠠᠨ ᠣᠷᠣᠬᠤ ᠲᠦᠭᠰᠢᠭᠦᠷᠢ ᠪᠠᠷ ᠨᠡᠯᠢᠶᠡᠳ ᠥᠨᠳᠥᠷ᠂ ᠢᠯᠠᠩᠭᠤᠶ᠎ᠠ ᠬᠥᠮᠥᠨ ᠠᠮᠠ ᠣᠯᠠᠨᠲᠠᠢ ᠶᠡᠭᠡ ᠬᠤᠲᠠ ᠳᠤ ᠬᠠᠨᠲᠤᠭᠤᠯᠤᠭᠰᠠᠨ ᠶᠤᠮ᠃ 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠥᠯᠢᠭᠡᠷ ᠠᠪᠬᠤ ᠲᠣᠭᠤᠷᠢᠭ ᠪᠠᠶᠢᠭᠤᠯᠬᠤ ᠡᠰᠡᠬᠦ ᠵᠢᠴᠢ ᠪᠠᠶᠢᠴᠠᠭᠠᠨ ᠰᠢᠯᠭᠠᠬᠤ ᠤᠳᠠᠭ᠎ᠠ ᠳᠠᠪᠲᠠᠮᠵᠢ ᠶᠢ ᠭᠤᠣᠯᠳᠠᠭᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠴᠠᠭ ᠪᠠ ᠪᠠᠶᠢᠳᠠᠯ ᠢ ᠦᠨᠳᠦᠰᠦᠯᠡᠵᠦ ᠲᠣᠭᠲᠠᠭᠠᠬᠤ ᠬᠡᠷᠡᠭᠲᠡᠢ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠪᠣᠯᠬᠤ ᠦᠭᠡᠢ᠃       ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠣᠯ ᠣᠨᠣᠰᠢᠯᠠᠯᠲᠠ ᠬᠢᠬᠦ ︽ᠠᠯᠲᠠᠨ ᠪᠠᠷᠢᠮᠵᠢᠶ᠎ᠠ︾ ᠮᠥᠨ᠂ ᠸᠢᠷᠦ᠋ᠰ ᠤᠨ ᠣᠨᠳᠣᠣᠰᠢᠯ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠠᠶᠢᠴᠠᠭᠠᠬᠤ ᠴᠢᠳᠠᠪᠤᠷᠢ ᠶᠢ ᠨᠥᠯᠥᠭᠡᠯᠡᠬᠦ ᠦᠭᠡᠢ    ᠪᠥᠭᠡᠮ ᠬᠦᠴᠢᠯ ᠤᠨ ᠪᠠᠶᠢᠴᠠᠭᠠᠯᠲᠠ ᠪᠣᠯ ᠨᠢᠭᠡᠨ ᠨᠡᠯᠢᠶᠡᠳ ᠪᠣᠯᠪᠠᠰᠤᠷᠠᠩᠭᠤᠢ ᠪᠣᠯᠤᠭᠰᠠᠨ᠂ ᠳᠡᠯᠡᠬᠡᠢ ᠨᠡᠶᠢᠲᠡ ᠳᠤ ᠨᠡᠶᠢᠳᠡᠮ ᠬᠡᠷᠡᠭᠯᠡᠭᠳᠡᠵᠦ ᠪᠠᠶᠢᠭ᠎ᠠ ᠲᠤᠷᠰᠢᠯᠲᠠ ᠶᠢᠨ ᠲᠠᠰᠤᠭ ᠤᠨ ᠣᠨᠣᠰᠢᠯᠠᠬᠤ ᠠᠷᠭ᠎ᠠ ᠪᠣᠯᠣᠨ᠎ᠠ᠃ ᠥᠩᠭᠡᠷᠡᠭᠰᠡᠨ ᠳᠤ ᠪᠢᠳᠡ ᠸᠢᠷᠦ᠋ᠰ ᠤᠨ ᠡᠪᠡᠳᠴᠢᠨ ᠡᠭᠦᠰᠬᠡᠭᠴᠢ ᠶᠢ ᠰᠢᠯᠭᠠᠨ ᠪᠠᠶᠢᠴᠠᠭᠠᠬᠤ ᠳᠤ ᠭᠤᠣᠯᠳᠠᠭᠤ ᠸᠢᠷᠦ᠋ᠰ ᠪᠤᠶᠢᠵᠢᠭᠤᠯᠬᠤ ᠳᠤ ᠲᠦᠰᠢᠭᠯᠡᠵᠦ ᠪᠠᠶᠢᠵᠠᠢ᠂ ᠪᠢᠳᠡ ᠪᠤᠳᠤᠭᠯᠠᠬᠤ᠂ ᠬᠡᠯᠪᠡᠷᠢ ᠳᠦᠷᠰᠦ ᠶᠢᠨ ᠠᠵᠢᠭᠯᠠᠯᠲᠠ ᠬᠢᠬᠦ᠂ ᠠᠮᠢᠳᠤ ᠪᠣᠳᠠᠰ ᠤᠨ ᠬᠢᠮᠢ ᠶᠢᠨ ᠲᠤᠷᠰᠢᠯᠲᠠ ᠬᠢᠬᠦ᠂ ᠡᠭᠡᠯᠢᠯᠡᠭᠡ ᠶᠢᠨ ᠲᠤᠷᠰᠢᠯᠲᠠ ᠬᠢᠬᠦ ᠵᠡᠷᠭᠡ ᠤᠯᠠᠨ ᠵᠦᠢᠯ ᠤᠨ ᠠᠷᠭ᠎ᠠ ᠪᠠᠷ ᠢᠯᠭᠠᠨ ᠲᠠᠨᠢᠵᠤ ᠪᠠᠶᠢᠵᠠᠢ᠃ ᠸᠢᠷᠦ᠋ᠰ ᠢ ᠬᠥᠮᠥᠵᠢᠭᠦᠯᠬᠦ ᠳᠤ ᠨᠡᠯᠢᠶᠡᠳ ᠤᠷᠲᠤ ᠴᠠᠭ ᠬᠡᠷᠡᠭᠰᠡᠵᠦ᠂ ᠲᠤᠷᠰᠢᠯᠲᠠ ᠶᠢᠨ ᠲᠠᠰᠤᠭ ᠤᠨ ᠵᠠᠷᠢᠮ ᠡᠪᠡᠳᠴᠢᠨ ᠡᠭᠦᠰᠬᠡᠭᠴᠢ ᠶᠢ ᠪᠤᠶᠢᠵᠢᠭᠤᠯᠬᠤ ᠳᠤ ᠮᠠᠰᠢ ᠬᠦᠴᠢᠷ᠃ ᠬᠤᠵᠢᠮ ᠨᠢ ᠪᠢᠳᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠲᠠᠢ ᠪᠣᠯᠪᠠ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠨᠢ ᠰᠡᠷᠭᠡᠭ ᠴᠢᠨᠠᠷ ᠢᠶᠠᠷ ᠥᠨᠳᠥᠷ ᠪᠠᠶᠢᠵᠤ᠂ ᠣᠨᠴᠠᠭᠠᠶ ᠮᠡᠳᠡᠷᠡᠮᠵᠢ ᠶᠢᠨ ᠴᠢᠨᠠᠷ ᠨᠢ ᠠᠷᠭ᠎ᠠ ᠶᠢᠨ ᠤᠬᠠᠭᠠᠨ ᠤ ᠲᠠᠯ᠎ᠠ ᠪᠠᠷ ᠵᠠᠭᠤᠨ ᠤ ᠵᠠᠭᠤ ᠳᠤ ᠬᠦᠷᠳᠡᠭ᠃ ᠥᠭᠡᠷ᠎ᠡ ᠪᠠᠷ ᠬᠡᠯᠡᠪᠡᠯ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠦᠷ᠎ᠡ ᠳ᠋ᠦᠩ ᠨᠢ ᠡᠪᠡᠳᠴᠢᠨ ᠡᠭᠦᠰᠬᠡᠭᠴᠢ ᠶᠢ ᠬᠥᠮᠥᠵᠢᠭᠦᠯᠦᠭᠰᠡᠨ ᠦᠷ᠎ᠡ ᠳ᠋ᠦᠩ ᠲᠠᠢ ᠠᠳᠠᠯᠢ ᠪᠠᠶᠢᠵᠤ᠂ ᠣᠨᠣᠰᠢᠯᠠᠯᠲᠠ ᠬᠢᠬᠦ ︽ᠠᠯᠲᠠᠨ ᠪᠠᠷᠢᠮᠵᠢᠶ᠎ᠠ︾ ᠪᠣᠯᠵᠤ ᠪᠠᠶᠢᠨ᠎ᠠ᠃ ᠵᠥᠪᠬᠡᠨ ᠰᠢᠨ᠎ᠡ ᠲᠢᠲᠢᠮᠯᠢᠭ ᠸᠢᠷᠦ᠋ᠰ ᠲᠡᠳᠦᠢ ᠪᠢᠰᠢ᠂ ᠵᠢᠱᠢᠶᠡᠯᠡᠪᠡᠯ ᠦᠷᠭᠦᠯᠵᠢ ᠲᠣᠬᠢᠶᠠᠯᠳᠤᠳᠠᠭ ᠡᠪᠡᠳᠴᠢᠨ ᠡᠭᠦᠰᠬᠡᠭᠴᠢ᠂ ᠡᠯᠢᠭᠡᠨ ᠤ B ᠦᠷᠪᠢᠰᠦᠯ ᠤᠨ ᠸᠢᠷᠦ᠋ᠰ᠂ ᠠᠶᠢᠽ ᠡᠪᠡᠳᠴᠢᠨ ᠤ ᠸᠢᠷᠦ᠋ᠰ ᠢ ᠪᠦᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠪᠠᠷ ᠣᠨᠣᠰᠢᠯᠠᠵᠤ ᠪᠣᠯᠬᠤ ᠶᠢᠨ ᠬᠠᠮᠲᠤ ᠡᠮᠨᠡᠨ ᠵᠠᠰᠠᠭᠰᠠᠨ ᠪᠠᠶᠢᠳᠠᠯ ᠤᠨ ᠪᠠᠶᠢᠴᠠᠭᠠᠯᠲᠠ ᠬᠢᠵᠦ ᠪᠣᠯᠣᠨ᠎ᠠ᠃     ᠪᠢᠳᠡ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠬᠦ ᠳᠤ᠂ ᠬᠡᠷᠡᠭᠯᠡᠵᠦ ᠪᠠᠶᠢᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠤᠷᠪᠠᠯᠵᠢ ᠶᠢ ᠰᠢᠨ᠎ᠡ ᠲᠢᠲᠢᠮᠯᠢᠭ ᠸᠢᠷᠦ᠋ᠰ ᠤᠨ ᠬᠤᠶᠠᠷ ᠫᠠᠢ ᠪᠤᠶᠤ ᠭᠤᠷᠪᠠᠨ ᠫᠠᠢ ᠶᠢᠨ ᠭᠧᠨ ᠳᠤ ᠴᠢᠭᠯᠡᠭᠦᠯᠵᠦ᠂ ᠸᠢᠷᠦ᠋ᠰ ᠤᠨ ᠣᠨᠳᠣᠣᠰᠢᠯ ᠨᠢ ᠬᠤᠶᠠᠷ ᠠᠴᠠ ᠭᠤᠷᠪᠠᠨ ᠫᠠᠢ ᠶᠢᠨ ᠭᠧᠨ ᠳᠤ ᠵᠡᠷᠭᠡ ᠪᠠᠷ ᠣᠨᠳᠣᠣᠰᠢᠬᠤ ᠪᠣᠯᠣᠯᠴᠠᠭ᠎ᠠ ᠦᠨᠳᠦᠰᠦᠨ ᠳᠤ ᠪᠠᠨ ᠣᠷᠣᠰᠢᠬᠤ ᠦᠭᠡᠢ᠂ ᠡᠶᠢᠮᠦ ᠠᠴᠠ ᠸᠢᠷᠦ᠋ᠰ ᠤᠨ ᠣᠨᠳᠣᠣᠰᠢᠯ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠠᠶᠢᠴᠠᠭᠠᠬᠤ ᠴᠢᠳᠠᠪᠤᠷᠢ ᠳᠤ ᠶᠠᠮᠠᠷ ᠴᠤ ᠨᠥᠯᠥᠭᠡ ᠪᠣᠯᠬᠤ ᠦᠭᠡᠢ ᠶᠤᠮ᠃      ᠣᠷᠴᠢᠨ ᠲᠣᠭᠤᠷᠢᠨ ᠤ ᠦᠯᠢᠭᠡᠷ ᠠᠴᠠ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠭᠠᠷᠭᠠᠭᠰᠠᠨ ᠨᠢ ᠠᠮᠢᠳᠤ ᠸᠢᠷᠦ᠋ᠰ ᠣᠷᠣᠰᠢᠬᠤ ᠶᠢ ᠲᠥᠯᠥᠭᠡᠯᠡᠬᠦ ᠦᠭᠡᠢ    ᠣᠷᠴᠢᠨ ᠲᠣᠭᠤᠷᠢᠨ ᠤ ᠥᠯᠢᠭᠡᠷ ᠠᠴᠠ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠭᠠᠷᠭᠠᠭᠰᠠᠨ ᠨᠢ ᠣᠷᠴᠢᠨ ᠲᠣᠭᠤᠷᠢᠨ ᠤ ᠥᠯᠢᠭᠡᠷ ᠲᠤ ᠯᠠᠪᠲᠠᠢ ᠠᠮᠢᠳᠤ ᠸᠢᠷᠦ᠋ᠰ ᠪᠠᠶᠢᠬᠤ ᠶᠢ ᠲᠥᠯᠥᠭᠡᠯᠡᠵᠦ ᠳᠡᠶᠢᠯᠬᠦ ᠦᠭᠡᠢ᠃ ᠬᠡᠷᠪᠡ ᠠᠮᠢᠳᠤ ᠸᠢᠷᠦ᠋ᠰ ᠪᠠᠶᠢᠬᠤ ᠡᠰᠡᠬᠦ ᠶᠢ ᠰᠢᠯᠭᠠᠨ ᠲᠣᠭᠲᠠᠭᠠᠬᠤ ᠳᠤ ᠭᠦᠷᠪᠡᠯ ᠵᠠᠪᠠᠯ ᠡᠰ ᠤᠨ ᠸᠢᠷᠦ᠋ᠰ ᠢ ᠢᠯᠭᠠᠨ ᠰᠠᠯᠭᠠᠬᠤ ᠪᠤᠶᠤ ᠰᠡᠷᠭᠡᠭ ᠬᠤᠯᠤᠭᠠᠨ᠎ᠠ ᠠᠴᠠ ᠸᠢᠷᠦ᠋ᠰ ᠢ ᠢᠯᠭᠠᠨ ᠰᠠᠯᠭᠠᠵᠤ᠂ ᠠᠮᠢᠳᠤ ᠸᠢᠷᠦ᠋ᠰ ᠪᠠᠶᠢᠬᠤ ᠡᠰᠡᠬᠦ ᠶᠢ ᠲᠣᠳᠣᠯᠠᠨ᠎ᠠ᠃ ᠤᠴᠢᠷ ᠨᠢ ᠠᠮᠢ ᠦᠭᠡᠢ ᠸᠢᠷᠦ᠋ᠰ ᠪᠠ ᠠᠮᠢᠳᠤ ᠸᠢᠷᠦ᠋ᠰ᠂ ᠡᠰᠡᠪᠡᠯ ᠮᠠᠨ ᠤ ᠤᠳᠤ ᠶᠢᠨ ᠲᠠᠷᠢᠯᠭ᠎ᠠ ᠬᠢᠵᠦ ᠪᠠᠶᠢᠭ᠎ᠠ ᠢᠳᠡᠪᠬᠢ ᠦᠭᠡᠶᠢᠵᠢᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠴᠤ ᠲᠡᠷᠡ᠂ ᠲᠡᠭᠦᠨ ᠳᠤ ᠴᠥᠮ ᠪᠥᠭᠡᠮ ᠬᠦᠴᠢᠯ ᠠᠭᠤᠯᠤᠭᠳᠠᠵᠤ ᠪᠠᠶᠢᠳᠠᠭ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠᠷ ᠳᠠᠮᠵᠢᠨ ᠠᠷᠭ᠎ᠠ ᠴᠢᠨᠠᠷ ᠢ ᠢᠯᠡᠷᠡᠭᠦᠯᠵᠦ ᠪᠣᠯᠣᠨ᠎ᠠ᠂ ᠡᠶᠢᠮᠦ ᠠᠴᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠦᠯᠬᠦ ᠨᠢ ᠠᠮᠢᠳᠤ ᠸᠢᠷᠦ᠋ᠰ ᠪᠠᠶᠢᠬᠤ ᠶᠢ ᠲᠥᠯᠥᠭᠡᠯᠡᠵᠦ ᠴᠢᠳᠠᠬᠤ ᠦᠭᠡᠢ ᠪᠠᠶᠢᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠬᠡᠷᠡᠭᠲᠡᠢ᠃       ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠠ ᠬᠥᠮᠥᠰ ᠲᠤ ᠲᠠᠬᠢᠨ ᠳᠠᠪᠲᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠴᠢᠬᠤᠯᠠ ᠦᠭᠡᠢ      ᠳᠣᠣᠷ᠎ᠠ ᠲᠦᠭᠰᠢᠭᠦᠷᠢᠲᠦ ᠭᠠᠵᠠᠷ ᠣᠷᠣᠨ ᠪᠠ ᠬᠥᠮᠥᠰ᠂ ᠵᠢᠱᠢᠶᠡᠯᠡᠪᠡᠯ ᠣᠷᠳᠣ ᠬᠤᠭᠤᠴᠠᠭ᠎ᠠ ᠪᠠᠷ ᠭᠡᠷ ᠲᠤ ᠪᠠᠨ ᠰᠠᠭᠤᠵᠤ ᠪᠠᠶᠢᠭ᠎ᠠ ᠬᠥᠮᠥᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠠᠶᠢᠨ ᠳᠠᠬᠢᠨ ᠬᠢᠬᠦ ᠴᠢᠬᠤᠯᠠ ᠦᠭᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠤᠣᠯᠳᠠᠯᠭ᠎ᠠ ᠶᠢ ᠥᠨᠳᠥᠷ ᠳᠡᠰ ᠤᠨ ᠲᠦᠭᠰᠢᠭᠦᠷᠢᠲᠦ ᠬᠥᠮᠥᠰ ᠪᠠ ᠥᠨᠳᠥᠷ ᠳᠡᠰ ᠤᠨ ᠲᠦᠭᠰᠢᠭᠦᠷᠢᠲᠦ ᠠᠵᠢᠯ ᠤᠨ ᠪᠠᠶᠢᠷᠢ ᠶᠢᠨ ᠠᠵᠢᠯᠲᠠᠨ ᠵᠢᠴᠢ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ ᠲᠠᠯᠪᠢᠬᠤ ᠬᠡᠷᠡᠭᠲᠡᠢ᠃     ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠬᠦ ᠪᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠰᠢᠨᠡᠳᠬᠡᠬᠦ ᠬᠡᠷᠡᠭᠲᠡᠢ     ᠥᠯᠢᠭᠡᠷ ᠠᠪᠬᠤ ᠴᠡᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠠᠯᠪᠠᠨ ᠤ ᠰᠦᠯᠵᠢᠶ᠎ᠡ᠂ ᠬᠡᠷᠡᠭᠯᠡᠭᠴᠢ ᠶᠢᠨ ᠦᠵᠦᠭᠦᠷ᠂ ᠸᠢᠴᠠᠲ ᠤᠨ ᠨᠡᠶᠢᠲᠡ ᠶᠢᠨ ᠳ᠋ᠤᠭᠠᠷ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠵᠢᠭ ᠫᠷᠣᠭ᠍ᠷᠠᠮ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠥᠯᠢᠭᠡᠷ ᠠᠪᠬᠤ ᠴᠡᠭ ᠢ ᠴᠠᠭ ᠲᠤᠬᠠᠢ ᠳᠤ ᠨᠢ ᠨᠡᠶᠢᠲᠡᠯᠡᠵᠦ᠂ ᠣᠯᠠᠨ ᠨᠡᠶᠢᠲᠡ ᠶᠢᠨ ᠣᠶᠢᠷ᠎ᠠ ᠬᠠᠪᠢ ᠶᠢᠨ ᠴᠡᠭ ᠢ ᠰᠣᠩᠭᠤᠵᠤ ᠪᠥᠭᠡᠮ ᠬᠦᠴᠢᠯ ᠤᠨ ᠥᠯᠢᠭᠡᠷ ᠠᠪᠤᠭᠤᠯᠬᠤ ᠳᠤ ᠲᠥᠬᠦᠮ ᠦᠵᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠢᠳᠡ ᠪᠠᠰᠠ ᠣᠷᠣᠨ ᠨᠤᠲᠤᠭ ᠢ ᠵᠢᠯᠣᠭᠤᠳᠤᠨ ᠡᠯᠧᠺᠳ᠋ᠷᠣᠨ ᠭᠠᠵᠠᠷ ᠤᠨ ᠵᠢᠷᠤᠭ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠴᠠᠭ ᠲᠤᠬᠠᠢ ᠳᠤ ᠨᠢ ᠰᠢᠨᠡᠳᠬᠡᠵᠦ᠂ ᠣᠯᠠᠨ ᠲᠦᠮᠡᠨ ᠤ ᠪᠠᠶᠢᠴᠠᠭᠠᠨ ᠯᠠᠪᠯᠠᠬᠤ ᠪᠠ ᠣᠶᠢᠷ᠎ᠠ ᠬᠠᠪᠢ ᠳᠤ ᠪᠠᠨ ᠥᠯᠢᠭᠡᠷ ᠠᠪᠤᠭᠤᠯᠬᠤ ᠳᠤ ᠲᠥᠬᠦᠮ ᠦᠵᠡᠭᠦᠯᠦᠨ᠎ᠡ᠃     ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠴᠠᠭ ᠲᠤᠬᠠᠢ ᠳᠤ ᠨᠢ ᠬᠠᠷᠢᠭᠤ ᠲᠤᠰᠬᠠᠬᠤ ᠪᠠ ᠰᠢᠨᠡᠳᠬᠡᠵᠦ᠂ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠰᠢᠯᠭᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠡᠷᠡᠭᠦᠯ ᠮᠡᠨᠳᠦ ᠶᠢᠨ ᠺᠣᠳ᠋ ᠵᠡᠷᠭᠡ ᠲᠠᠪᠴᠠᠩ ᠳᠤ ᠬᠦᠷᠭᠡᠵᠦ᠂ ᠣᠯᠠᠨ ᠨᠡᠶᠢᠲᠡ ᠶᠢᠨ ᠬᠢᠨ ᠤ ᠥᠪᠡᠷ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠠᠯᠢ ᠲᠦᠷᠭᠡᠨ ᠢᠶᠠᠷ ᠪᠠᠶᠢᠴᠠᠭᠠᠨ ᠯᠠᠪᠯᠠᠬᠤ ᠳᠤ ᠳᠦᠭᠦᠮ ᠦᠵᠡᠭᠦᠯᠬᠦ ᠬᠡᠷᠡᠭᠲᠡᠢ᠃     ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠵᠦᠯᠭᠦᠭᠦᠷ ᠨᠢ ᠡᠮᠴᠢᠯᠡᠭᠡ ᠶᠢᠨ ᠪᠠᠭᠠᠵᠢ ᠬᠡᠷᠡᠭᠰᠡᠯ ᠳᠤ ᠬᠠᠷᠢᠶᠠᠯᠠᠭᠳᠠᠨ᠎ᠠ᠂ ᠬᠥᠪᠥᠩᠲᠦ ᠰᠢᠪᠠᠭ᠎ᠠ ᠪᠢᠰᠢ᠂ ᠬᠤᠣᠷ ᠬᠥᠨᠥᠭᠡᠯ ᠦᠭᠡᠢ   ᠦᠯᠢᠭᠡᠷ ᠠᠪᠬᠤ ᠵᠦᠯᠭᠦᠭᠦᠷ ᠨᠢ ᠦᠵᠡᠬᠦ ᠳᠤ ᠬᠥᠪᠥᠩᠲᠦ ᠰᠢᠪᠠᠭ᠎ᠠ ᠰᠢᠭ᠋ ᠪᠣᠯᠪᠠᠴᠤ ᠲᠡᠷᠡ ᠨᠢ ᠬᠥᠪᠥᠩᠲᠦ ᠰᠢᠪᠠᠭ᠎ᠠ ᠪᠢᠰᠢ᠂ ᠲᠡᠭᠦᠨ ᠤ ᠮᠠᠲ᠋ᠧᠷᠢᠶᠠᠯ ᠨᠢ ᠪᠥᠭᠡᠭᠡᠨᠡᠷᠡᠯ ᠡᠰᠲ᠋ᠧᠷ ᠪᠤᠶᠤ ᠨᠢᠯᠦᠨ ᠰᠢᠷᠬᠡᠭ ᠪᠣᠯᠣᠨ᠎ᠠ᠃ ᠲᠡᠷᠡ ᠨᠢ ᠮᠠᠨ ᠤ ᠡᠳᠦᠷ ᠲᠤᠳᠤᠮ ᠤᠨ ᠠᠮᠢᠳᠤᠷᠠᠯ ᠤᠨ ᠳᠤᠮᠳᠠᠬᠢ ᠰᠢᠳᠦᠨ ᠱᠤᠸᠠᠰᠠ ᠲᠠᠢ ᠨᠡᠯᠢᠶᠡᠳ ᠲᠥᠰᠥᠭᠡᠲᠡᠢ᠂ ᠰᠢᠳᠦᠨ ᠱᠤᠸᠠᠰᠠ ᠶᠢᠨ ᠦᠰᠦ ᠨᠢ ᠴᠦ ᠨᠢᠯᠦᠨ ᠶᠤᠮ᠃ ᠭᠡᠪᠡᠴᠦ ᠦᠯᠢᠭᠡᠷ ᠠᠪᠬᠤ ᠵᠦᠯᠭᠦᠭᠦᠷ ᠢᠶᠠᠷ ᠪᠠᠶᠢᠴᠠᠭᠠᠯᠲᠠ ᠬᠢᠬᠦ ᠶᠠᠪᠤᠴᠠ ᠳᠤ ᠬᠡᠳᠦᠨ ᠵᠠᠭᠤᠨ ᠲᠦᠮᠡᠨ ᠵᠢᠵᠢᠭ ᠰᠢᠷᠬᠡᠭ ᠨᠢ ᠵᠦᠯᠭᠦᠭᠦᠷ ᠤᠨ ᠪᠠᠷᠢᠭᠤᠯ ᠳᠡᠭᠡᠷ᠎ᠡ ᠡᠭᠴᠡ ᠪᠥᠭᠡᠳ ᠵᠢᠭᠳᠡ ᠪᠠᠷ ᠪᠦᠷᠬᠦᠭᠳᠡᠵᠦ ᠪᠠᠶᠢᠳᠠᠭ᠃ ᠦᠯᠢᠭᠡᠷ ᠠᠪᠬᠤ ᠦᠶᠡᠰ ᠶᠠᠭ ᠰᠢᠳᠦ ᠱᠤᠸᠠᠰᠠᠳᠠᠵᠤ ᠪᠠᠶᠢᠬᠤ ᠰᠢᠭ᠋᠂ ᠭᠡᠪᠡᠴᠦ ᠲᠡᠷᠡ ᠨᠢ ᠮᠠᠨ ᠤ ᠠᠮᠠᠨ ᠬᠥᠨᠳᠡᠢ ᠳᠠᠬᠢ ᠵᠠᠯᠭᠢᠭᠤᠷ ᠤᠨ ᠠᠷᠤ ᠬᠠᠨ᠎ᠠ ᠶᠢ ᠱᠤᠸᠠᠰᠠᠳᠠᠨ ᠡᠰ ᠢ ᠨᠢ ᠠᠪᠴᠤ᠂ ᠳᠠᠬᠢᠨ ᠦᠯᠢᠭᠡᠷ ᠠᠪᠬᠤ ᠵᠦᠯᠭᠦᠭᠦᠷ ᠢ ᠦᠯᠢᠭᠡᠷ ᠠᠪᠬᠤ ᠬᠤᠭᠤᠯᠠᠢ ᠳᠤ ᠬᠢᠳᠡᠭ᠃ ᠤᠴᠢᠷ ᠨᠢ ᠲᠡᠷᠡ ᠨᠢ ᠨᠢᠯᠦᠨ ᠪᠣᠯᠣᠨ ᠪᠥᠭᠡᠭᠡᠨᠡᠷᠡᠯ ᠡᠰᠲ᠋ᠧᠷ ᠢ ᠬᠡᠷᠡᠭᠯᠡᠭᠰᠡᠨ ᠤᠴᠢᠷ ᠠᠴᠠ ᠮᠠᠰᠢ ᠠᠮᠠᠷᠬᠠᠨ ᠢᠶᠠᠷ ᠬᠠᠳᠠᠭᠠᠯᠠᠬᠤ ᠰᠢᠩᠭᠡᠨ ᠳᠤ ᠰᠢᠩᠭᠡᠭᠳᠡᠳᠡᠭ᠃ ᠵᠠᠯᠭᠠᠭᠠᠳ ᠲᠤᠷᠰᠢᠯᠲᠠ ᠶᠢᠨ ᠲᠠᠰᠤᠭ ᠠᠴᠠ ᠬᠤᠯᠪᠣᠭᠳᠠᠯ ᠪᠦᠬᠦᠢ ᠰᠢᠯᠭᠠᠨ ᠪᠠᠶᠢᠴᠠᠭᠠᠯᠲᠠ ᠬᠢᠳᠡᠭ᠃    ᠦᠯᠢᠭᠡᠷ ᠠᠪᠬᠤ ᠵᠦᠯᠭᠦᠭᠦᠷ ᠪᠣᠯ ᠡᠮᠴᠢᠯᠡᠭᠡᠨ ᠤ ᠪᠠᠭᠠᠵᠢ ᠬᠡᠷᠡᠭᠰᠡᠯ ᠳᠤ ᠬᠠᠷᠢᠶᠠᠯᠠᠭᠳᠠᠨ᠎ᠠ᠂ ᠲᠡᠭᠦᠨ ᠤ ᠦᠢᠯᠡᠳᠪᠦᠷᠢᠯᠡᠯ ᠤᠨ ᠣᠷᠴᠢᠨ ᠲᠣᠭᠤᠷᠢᠨ ᠪᠠ ᠱᠠᠭᠠᠷᠳᠠᠯᠭ᠎ᠠ ᠨᠢ ᠲᠦᠢᠯ ᠤᠨ ᠴᠢᠩᠭ᠎ᠠ ᠪᠠᠶᠢᠳᠠᠭ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠳᠤ ᠪᠠᠰᠠ ᠬᠤᠯᠪᠣᠭᠳᠠᠯ ᠪᠦᠬᠦᠢ ᠪᠠᠷᠢᠮᠵᠢᠶ᠎ᠠ ᠲᠠᠢ ᠪᠠᠶᠢᠵᠤ᠂ ᠨᠢᠭᠡ ᠦᠢᠯᠡᠳᠬᠦᠨ ᠤ ᠬᠠᠮᠤᠭ ᠤᠨ ᠦᠨᠳᠦᠰᠦᠨ ᠪᠠᠷᠢᠮᠵᠢᠶ᠎ᠠ ᠪᠣᠯ ᠳᠠᠷᠤᠢ ᠬᠤᠣᠷ ᠬᠥᠨᠥᠭᠡᠯ ᠦᠭᠡᠢ ᠶᠤᠮ᠂ ᠪᠠᠰᠠ ᠦᠯᠢᠭᠡᠷ ᠠᠪᠬᠤ ᠵᠦᠯᠭᠦᠭᠦᠷ ᠦᠢᠯᠡᠳᠪᠦᠷᠢᠯᠡᠬᠦ ᠶᠠᠪᠤᠴᠠ ᠳᠤ ᠪᠠᠰᠠ ᠬᠤᠣᠷᠲᠠᠢ ᠪᠣᠳᠠᠰ ᠡᠭᠦᠰᠬᠦ ᠦᠭᠡᠢ ᠶᠤᠮ᠃      ᠶᠡᠭᠡ ᠬᠡᠪᠴᠢᠶᠡᠨ ᠤ ᠬᠥᠮᠥᠰ ᠢ ᠰᠢᠭᠰᠢᠨ ᠪᠠᠶᠢᠴᠠᠭᠠᠬᠤ ᠳᠤ᠂ ᠶᠡᠷᠦ ᠳᠤ ᠪᠠᠨ ᠠᠮᠠ ᠬᠤᠭᠤᠯᠠᠢ ᠶᠢᠨ ᠵᠦᠯᠭᠦᠭᠦᠷ ᠢ ᠬᠡᠷᠡᠭᠯᠡᠳᠡᠭ    ᠦᠯᠢᠭᠡᠷ ᠲᠤ ᠳᠣᠣᠷ᠎ᠠ ᠠᠮᠢᠰᠬᠤᠯ ᠤᠨ ᠵᠠᠮ ᠤᠨ ᠦᠯᠢᠭᠡᠷ ᠪᠤᠢ᠂ ᠵᠢᠱᠢᠶᠡᠯᠡᠪᠡᠯ ᠴᠡᠷ᠃ ᠳᠡᠭᠡᠳᠦ ᠠᠮᠢᠰᠬᠤᠯ ᠤᠨ ᠵᠠᠮ ᠤᠨ ᠦᠯᠢᠭᠡᠷ ᠴᠦ ᠪᠤᠢ᠂ ᠵᠢᠱᠢᠶᠡᠯᠡᠪᠡᠯ ᠬᠠᠮᠠᠷ ᠤᠨ ᠬᠦᠨᠳᠡᠢ ᠶᠢᠨ ᠵᠦᠯᠭᠦᠭᠦᠷ᠂ ᠠᠮᠠ ᠵᠠᠯᠭᠢᠭᠤᠷ ᠤᠨ ᠵᠦᠯᠭᠦᠭᠦᠷ᠃ ᠡᠳᠡᠭᠡᠷ ᠵᠦᠯᠭᠦᠭᠦᠷ ᠤᠨ ᠦᠯᠢᠭᠡᠷ ᠲᠤ ᠴᠡᠷ ᠤᠨ ᠸᠢᠷᠦ᠋ᠰ ᠤᠨ ᠠᠭᠤᠯᠤᠭᠳᠠᠴᠠ ᠬᠠᠮᠤᠭ ᠤᠨ ᠥᠨᠳᠥᠷ᠂ ᠠᠷᠭ᠎ᠠ ᠴᠢᠨᠠᠷ ᠤᠨ ᠪᠠᠶᠢᠴᠠᠭᠠᠯᠲᠠ ᠶᠢᠨ ᠨᠤᠷᠮ᠎ᠠ ᠨᠢ ᠴᠦ ᠬᠠᠮᠤᠭ ᠤᠨ ᠥᠨᠳᠥᠷ᠃ ᠳᠠᠷᠠᠭᠠᠯᠠᠪᠠᠯ ᠬᠠᠮᠠᠷ ᠤᠨ ᠬᠦᠨᠳᠡᠢ ᠶᠢᠨ ᠵᠦᠯᠭᠦᠭᠦᠷ᠂ ᠲᠡᠭᠦᠨ ᠢ ᠳᠠᠷᠠᠭᠠᠯᠠᠪᠠᠯ ᠠᠮᠠ ᠵᠠᠯᠭᠢᠭᠤᠷ ᠤᠨ ᠵᠦᠯᠭᠦᠭᠦᠷ ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠭᠴᠢ ᠪᠣᠯᠤᠭᠰᠠᠨ ᠤ ᠬᠤᠪᠢ ᠳᠤ᠂ ᠡᠬᠢᠨ ᠤ ᠦᠶ᠎ᠡ ᠳᠤ ᠬᠠᠭᠤᠷᠠᠢ ᠪᠠᠷ ᠬᠠᠨᠢᠶᠠᠯᠭᠠᠬᠤ ᠭᠤᠣᠯᠯᠠᠵᠤ᠂ ᠴᠡᠷ ᠨᠢ ᠰᠢᠯᠦᠰᠦ ᠪᠢᠰᠢ ᠪᠣᠯᠬᠤᠷ ᠣᠯᠳᠠᠬᠤ ᠳᠤ ᠬᠦᠴᠢᠷ ᠪᠠᠶᠢᠳᠠᠭ᠃ ᠬᠠᠮᠠᠷ ᠤᠨ ᠬᠦᠨᠳᠡᠢ ᠶᠢᠨ ᠵᠦᠯᠭᠦᠭᠦᠷ ᠴᠤᠭᠯᠠᠭᠤᠯᠬᠤ ᠨᠢ ᠦᠯᠢᠭᠡᠷ ᠠᠪᠬᠤ ᠬᠥᠮᠥᠰ ᠤᠨ ᠠᠵᠢᠯᠯᠠᠭᠠᠨ ᠤ ᠬᠢᠷᠢ ᠲᠦᠪᠰᠢᠨ ᠳᠤ ᠮᠠᠰᠢ ᠥᠨᠳᠥᠷ ᠱᠠᠭᠠᠷᠳᠠᠯᠭ᠎ᠠ ᠲᠠᠢ ᠪᠠᠶᠢᠵᠤ᠂ ᠦᠯᠢᠭᠡᠷ ᠠᠪᠬᠤ ᠶᠠᠪᠤᠴᠠ ᠨᠢ ᠤᠳᠠᠭᠠᠨ᠂ ᠬᠡᠳᠦ᠋ᠢᠪᠡᠷ ᠪᠠᠶᠢᠴᠠᠭᠠᠵᠤ ᠭᠠᠷᠭᠠᠭᠰᠠᠨ ᠠᠷᠭ᠎ᠠ ᠴᠢᠨᠠᠷ ᠤᠨ ᠨᠤᠷᠮ᠎ᠠ ᠨᠢ ᠵᠠᠯᠭᠢᠭᠤᠷ ᠤᠨ ᠵᠦᠯᠭᠦᠭᠦᠷ ᠠᠴᠠ ᠥᠨᠳᠥᠷ ᠪᠣᠯᠪᠠᠴᠤ᠂ ᠶᠡᠷᠦ ᠳᠤ ᠪᠠᠨ ᠣᠯᠠᠨ ᠬᠥᠮᠥᠰ ᠢ ᠰᠢᠭᠰᠢᠨ ᠪᠠᠶᠢᠴᠠᠭᠠᠬᠤ ᠳᠤ ᠬᠡᠷᠡᠭᠯᠡᠬᠦ ᠦᠭᠡᠢ ᠪᠠᠶᠢᠵᠤ᠂ ᠲᠤᠰᠠᠭᠠᠷᠯᠠᠵᠤ ᠪᠠᠶᠢᠭ᠎ᠠ ᠬᠥᠮᠥᠰ ᠲᠤ ᠦᠯᠢᠭᠡᠷ ᠠᠪᠬᠤ ᠳᠤ ᠬᠡᠷᠡᠭᠯᠡᠵᠦ ᠪᠣᠯᠣᠨ᠎ᠠ᠃ ᠠᠮᠠᠨ ᠵᠠᠯᠭᠢᠭᠤᠷ ᠤᠨ ᠵᠦᠯᠭᠦᠭᠦᠷ ᠢᠶᠠᠷ ᠦᠯᠢᠭᠡᠷ ᠠᠪᠬᠤ ᠨᠢ ᠨᠡᠯᠢᠶᠡᠳ ᠳᠥᠭᠦᠮᠬᠡᠨ᠂ ᠦᠯᠢᠭᠡᠷ ᠠᠪᠬᠤ ᠨᠢ ᠲᠦᠷᠭᠡᠨ᠂ ᠡᠶᠢᠮᠦ ᠠᠴᠠ ᠶᠡᠭᠡ ᠬᠡᠪᠴᠢᠶᠡᠨ ᠤ ᠬᠥᠮᠥᠰ ᠢ ᠰᠢᠭᠰᠢᠨ ᠪᠠᠶᠢᠴᠠᠭᠠᠬᠤ ᠦᠶᠡᠰ ᠬᠡᠳᠦ᠋ᠢᠪᠡᠷ ᠲᠡᠭᠦᠨ ᠤ ᠪᠠᠶᠢᠴᠠᠭᠠᠵᠤ ᠭᠠᠷᠭᠠᠬᠤ ᠨᠤᠷᠮ᠎ᠠ ᠨᠢ ᠬᠠᠮᠠᠷ ᠤᠨ ᠬᠦᠨᠳᠡᠢ ᠶᠢᠨ ᠵᠦᠯᠭᠦᠭᠦᠷ ᠢ ᠬᠦᠷᠬᠦ ᠦᠭᠡᠢ ᠪᠣᠯᠪᠠᠴᠤ ᠪᠢᠳᠡ ᠶᠡᠷᠦ ᠨᠢ ᠠᠮᠠᠨ ᠵᠠᠯᠭᠢᠭᠤᠷ ᠤᠨ ᠵᠦᠯᠭᠦᠭᠦᠷ ᠢ ᠬᠡᠷᠡᠭᠯᠡᠳᠡᠭ᠃ ᠬᠤᠰᠬᠢᠨᠠᠭ ᠤᠨ ᠵᠦᠯᠭᠦᠭᠦᠷ ᠢ ᠪᠢᠳᠡ ᠲᠠᠨᠢᠯᠴᠠᠭᠤᠯᠬᠤ ᠦᠭᠡᠢ᠂ ᠬᠦᠮᠦᠰ ᠤᠨ ᠲᠠᠭᠠᠯᠠᠮᠵᠢ ᠦᠭᠡᠢ ᠮᠥᠷᠲᠡᠭᠡᠨ ᠲᠡᠭᠦᠨ ᠤ ᠳᠣᠣᠷ᠎ᠠ ᠠᠷᠭ᠎ᠠ ᠴᠢᠨᠠᠷ ᠤᠨ ᠨᠤᠷᠮ᠎ᠠ ᠶᠢ ᠪᠣᠳᠣᠯᠬᠢᠯᠠᠵᠤ᠂ ᠪᠢᠳᠡ ᠬᠤᠰᠬᠢᠨᠠᠭ ᠤᠨ ᠵᠦᠯᠭᠦᠭᠦᠷ ᠢᠶᠠᠷ ᠦᠯᠢᠭᠡᠷ ᠠᠪᠬᠤ ᠶᠢ ᠲᠠᠨᠢᠯᠴᠠᠭᠤᠯᠬᠤ ᠦᠭᠡᠢ᠃      ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠯᠠᠨ ᠤᠳᠠᠭ᠎ᠠ ᠪᠢᠯᠢᠭ ᠴᠢᠨᠠᠷ ᠪᠠᠶᠢᠭᠰᠠᠨ ᠠᠴᠠ ᠠᠷᠭ᠎ᠠ ᠴᠢᠨᠠᠷ ᠢᠯᠡᠷᠡᠬᠦ ᠨᠢ ᠭᠤᠷᠪᠠᠨ ᠵᠦᠢᠯ ᠤᠨ ᠪᠠᠶᠢᠳᠠᠯ ᠲᠠᠢ     ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠵᠠᠯᠭᠠᠭ᠎ᠠ ᠪᠠᠷ ᠣᠯᠠᠨ ᠤᠳᠠᠭ᠎ᠠ ᠪᠢᠯᠢᠭ ᠴᠢᠨᠠᠷᠲᠠᠢ ᠪᠠᠶᠢᠵᠤ᠂ ᠬᠠᠮᠤᠭ ᠰᠡᠭᠦᠯ ᠳᠤ ᠠᠷᠭ᠎ᠠ ᠴᠢᠨᠠᠷ ᠢᠯᠡᠷᠡᠬᠦ ᠪᠠᠶᠢᠳᠠᠯ ᠨᠢ ᠵᠣᠩᠬᠢᠯᠠᠬᠤ ᠣᠯᠠᠨ ᠲᠣᠭᠠᠨ ᠤ ᠬᠥᠮᠥᠨ ᠳᠤ ᠢᠯᠡᠷᠡᠬᠦ ᠦᠭᠡᠢ ᠶᠤᠮ᠃ ᠭᠡᠪᠡᠴᠦ ᠡᠶᠢᠮᠦ ᠪᠠᠶᠢᠳᠠᠯ ᠭᠠᠷᠴᠤ ᠥᠩᠭᠡᠷᠡᠪᠡ᠂ ᠡᠭᠦᠨ ᠳᠤ ᠳᠣᠣᠷᠠᠬᠢ ᠭᠤᠷᠪᠠᠨ ᠵᠦᠢᠯ ᠤᠨ ᠪᠣᠯᠣᠯᠴᠠᠭ᠎ᠠ ᠲᠠᠢ᠄ ᠨᠢᠭᠡᠳᠦᠭᠡᠷ ᠲᠤ᠂ ᠡᠨᠡ ᠬᠥᠮᠥᠨ ᠡᠬᠢᠨ ᠳᠤ ᠪᠠᠨ ᠬᠠᠯᠳᠠᠪᠤᠷᠢᠯᠠᠭᠰᠠᠨ ᠦᠭᠡᠢ᠂ ᠰᠡᠭᠦᠯᠴᠢ ᠶᠢᠨ ᠶᠠᠮᠠᠷ ᠨᠢᠭᠡᠨ ᠴᠠᠭ ᠲᠤ ᠡᠪᠡᠳᠴᠢᠨ ᠳᠤ ᠬᠠᠯᠳᠠᠪᠤᠷᠢᠯᠠᠭᠳᠠᠵᠤ᠂ ᠬᠠᠯᠳᠠᠪᠤᠷᠢᠯᠠᠭᠰᠠᠨ ᠤ ᠳᠠᠷᠠᠭ᠎ᠠ ᠪᠠᠶᠢᠴᠠᠭᠠᠯᠲᠠ ᠨᠢ ᠠᠷᠭ᠎ᠠ ᠴᠢᠨᠠᠷᠲᠠᠢ ᠪᠣᠯᠪᠠ᠃ ᠬᠤᠶᠠᠳᠤᠭᠠᠷ ᠲᠤ᠂ ᠶᠠᠭ ᠨᠢᠭᠤᠭᠳᠠᠮᠠᠯ ᠬᠤᠭᠤᠴᠠᠭᠠᠨ ᠳᠤ ᠪᠠᠨ ᠪᠠᠶᠢᠬᠤ ᠦᠶᠡᠰ᠂ ᠪᠠᠶᠢᠴᠠᠭᠠᠵᠤ ᠭᠠᠷᠭᠠᠵᠤ ᠴᠢᠳᠠᠭᠰᠠᠨ ᠦᠭᠡᠢ᠂ ᠡᠪᠡᠳᠴᠢᠨ ᠢᠯᠡᠷᠡᠭᠰᠡᠨ ᠤ ᠳᠠᠷᠠᠭ᠎ᠠ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠪᠡ᠃ ᠭᠤᠷᠪᠠᠳᠤᠭᠠᠷ ᠲᠤ᠂ ᠡᠮᠦᠨ᠎ᠡ ᠳᠤᠷᠠᠳᠤᠭᠰᠠᠨ ᠮᠡᠲᠦ ᠪᠠᠷ᠂ ᠡᠬᠢᠯᠡᠩᠭᠦᠲᠡ ᠪᠠᠨ ᠸᠢᠷᠦ᠋ᠰ ᠪᠠᠶᠢᠭᠰᠠᠨ ᠪᠣᠯᠪᠠᠴᠤ ᠲᠡᠭᠦᠨ ᠤ ᠳᠠᠭᠠᠭᠠᠴᠠ ᠨᠢ ᠪᠠᠶᠢᠴᠠᠭᠠᠨ ᠰᠢᠯᠭᠠᠬᠤ ᠳᠣᠣᠷ᠎ᠠ ᠬᠢᠵᠠᠭᠠᠷ ᠲᠤ ᠬᠦᠷᠴᠦ ᠳᠡᠶᠢᠯᠬᠦ ᠦᠭᠡᠢ᠂ ᠡᠨᠡ ᠦᠶ᠎ᠡ ᠳᠤ ᠮᠥᠨ ᠪᠠᠶᠢᠴᠠᠭᠠᠨ ᠰᠢᠯᠭᠠᠵᠤ ᠳᠡᠶᠢᠯᠦᠭᠰᠡᠨ ᠦᠭᠡᠢ᠂ ᠭᠡᠪᠡᠴᠦ ᠲᠡᠭᠦᠨ ᠤ ᠳᠠᠭᠠᠭᠠᠴᠠ ᠨᠢ ᠥᠨᠳᠥᠷ ᠪᠣᠯᠣᠭᠰᠠᠭᠠᠷ ᠳᠠᠷᠤᠢ ᠠᠷᠭ᠎ᠠ ᠴᠢᠨᠠᠷ ᠢᠯᠡᠷᠡᠳᠡᠭ᠃     ᠬᠠᠤᠯᠢ ᠪᠤᠰᠤ᠂ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠠᠶᠢᠭ᠎ᠠ ᠬᠤᠯᠪᠣᠭᠳᠠᠯ ᠪᠦᠬᠦᠢ ᠭᠠᠵᠠᠷ ᠣᠷᠣᠨ ᠢ ᠴᠠᠭ ᠲᠤᠬᠠᠢ ᠳᠤ ᠨᠢ ᠴᠡᠭᠴᠡᠯᠡᠨ ᠵᠠᠯᠠᠷᠠᠭᠤᠯᠬᠤ ᠪᠠᠷ ᠱᠠᠭᠠᠷᠳᠠᠬᠤ ᠬᠡᠷᠡᠭᠲᠡᠢ     ᠤᠯᠠᠨ ᠲᠦᠮᠡᠨ ᠢ ᠤᠷᠢᠶᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠬᠠᠤᠯᠢ ᠶᠣᠰᠣᠭᠠᠷ ᠵᠢᠷᠤᠮᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠰᠠᠶᠢᠲᠤᠷ ᠬᠢᠬᠦ ᠳᠤ ᠢᠳᠡᠪᠬᠢᠲᠡᠢ ᠬᠠᠮᠵᠢᠯᠴᠠᠵᠤ᠂ ᠬᠤᠪᠢ ᠬᠥᠮᠥᠨ ᠤ ᠰᠡᠷᠭᠡᠶᠢᠯᠡᠨ ᠡᠵᠡᠮᠳᠡᠬᠦ ᠡᠭᠦᠷᠭᠡ ᠪᠠᠨ ᠰᠠᠶᠢᠲᠤᠷ ᠭᠦᠢᠴᠡᠳᠬᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃      ᠬᠠᠤᠯᠢ ᠪᠤᠰᠤ᠂ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠤᠭᠰᠠᠨ ᠭᠠᠵᠠᠷ ᠣᠷᠣᠨ᠂ ᠪᠠᠶᠢᠭᠤᠯᠭ᠎ᠠ ᠨᠢᠭᠡᠴᠢ ᠪᠠ ᠲᠣᠭᠲᠠᠭᠠᠯ ᠭᠠᠷᠭᠠᠭᠰᠠᠨ ᠬᠤᠪᠢ ᠬᠥᠮᠥᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠬᠤᠯᠪᠣᠭᠳᠠᠯ ᠪᠦᠬᠦᠢ ᠭᠠᠵᠠᠷ ᠣᠷᠣᠨ ᠢ ᠴᠠᠭ ᠲᠤᠬᠠᠢ ᠳᠤ ᠨᠢ ᠴᠡᠭᠴᠡᠯᠡᠨ ᠵᠠᠯᠠᠷᠠᠭᠤᠯᠬᠤ ᠪᠠᠷ ᠱᠠᠭᠠᠷᠳᠠᠬᠤ ᠪᠥᠭᠡᠳ ᠥᠷᠭᠡᠨ ᠣᠯᠠᠨ ᠵᠠᠭᠤᠴᠢᠯᠠᠭᠤᠷ ᠤᠨ ᠨᠠᠶᠢᠵᠠ ᠨᠠᠷ ᠤᠨ ᠬᠢᠨᠠᠯᠲᠠ ᠲᠠᠯᠪᠢᠬᠤ ᠶᠢ ᠬᠦᠰᠡᠵᠦ ᠪᠤᠢ᠃  
ᠢᠷᠡᠯᠲᠡ᠄ ᠦᠪᠦᠷ ᠮᠣᠩᠭᠤᠯ ᠤᠨ ᠵᠠᠰᠠᠭ  ᠤᠨ ᠣᠷᠳᠤᠨ ᠤ ᠮᠣᠩᠭᠤᠯ ᠰᠦᠯᠵᠢᠶ᠎ᠡ