ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠪᠢᠰᠬᠠᠯ  ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2022/6/15
      ᠤᠢᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ 30 ᠭᠠᠷᠤᠢ ᠺᠠᠳ᠋ᠷ ᠴᠠᠭᠳᠠᠭ᠎ᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠠᠭᠠᠷ ᠤᠨ ᠴᠡᠷᠢᠭ ᠠᠩᠬᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠢᠶᠠᠷ ᠲᠣᠭᠤᠷᠢᠨ ᠦᠵᠡᠪᠡ᠃       ᠲᠠᠶᠢᠯᠪᠤᠷᠢᠯᠠᠭᠴᠢ ᠶᠢᠨ ᠲᠠᠯ᠎ᠠ ᠠᠴᠠ ᠣᠶᠢᠯᠠᠭᠠᠭᠰᠠᠨ ᠢᠶᠠᠷ ᠂ ᠲᠤᠰ ᠰᠠᠭᠤᠷᠢᠨ ᠢ 1968 ᠣᠨ ᠳᠤ ᠡᠬᠢᠯᠡᠨ ᠪᠠᠶᠢᠭᠤᠯᠪᠠ᠂ ᠲᠤᠬᠠᠢ ᠶᠢᠨ ᠦᠶ᠎ᠡ ᠳᠤ ᠮᠡᠷᠭᠡᠵᠢᠯ ᠤᠨ ᠠᠷᠭ᠎ᠠ ᠪᠠᠷᠢᠯ ᠬᠤᠴᠣᠷᠤᠩᠭᠤᠢ ᠪᠠᠶᠢᠳᠠᠯ ᠳᠤ ᠨᠦᠭᠡᠨ ᠵᠠᠮ ᠤᠨ ᠪᠠᠷᠢᠯᠭ᠎ᠠ ᠶᠢᠨ ᠠᠵᠢᠯ ᠤᠨ ᠬᠦᠴᠢᠷᠳᠡᠯ ᠢ ᠢᠯᠠᠨ ᠳᠠᠪᠠᠵᠤ᠂ ᠬᠤᠶᠠᠷ ᠵᠢᠯ ᠬᠠᠭᠠᠰ ᠤᠨ ᠬᠤᠭᠤᠴᠠᠭ᠎ᠠ ᠬᠡᠷᠡᠭᠰᠡᠵᠦ ᠪᠠᠶᠢᠭᠠᠳ ᠵᠠᠰᠠᠨ ᠪᠠᠶᠢᠭᠤᠯᠬᠤ ᠡᠭᠦᠷᠭᠡ ᠪᠠᠨ ᠪᠡᠶᠡᠯᠡᠭᠦᠯᠪᠡ᠃ ᠪᠠᠶᠢᠭᠤᠯᠬᠤ ᠶᠠᠪᠤᠴᠠ ᠳᠤ᠂ ᠲᠤᠰ ᠪᠠᠷᠢᠯᠭ᠎ᠠ 11 ᠤᠳᠠᠭ᠎ᠠ ᠨᠤᠷᠠᠵᠤ᠂ ᠤᠷᠢᠳ ᠬᠤᠵᠢᠳ 29 ᠪᠠᠶᠢᠯᠳᠤᠭᠴᠢ ᠪᠡᠶ᠎ᠡ ᠦᠷᠡᠭᠳᠡᠵᠦ᠂ ᠬᠡᠳᠦᠨ ᠠᠷᠪᠠᠨ ᠪᠠᠶᠢᠯᠳᠤᠭᠴᠢ ᠰᠢᠷᠬᠠᠲᠤᠪᠠ᠃ ᠡᠨᠡ ᠬᠦ ᠮᠤᠨᠳᠠᠭ ᠶᠡᠭᠡ ᠬᠡᠪᠴᠢᠶᠡᠨ ᠤ ᠢᠨᠵᠧᠨᠧᠷᠢᠩ ᠨᠢ ᠤᠯᠠᠨ ᠢ ᠲᠠᠬᠢᠨ ᠲᠡᠷᠡ ᠬᠦ ᠭᠠᠶᠢᠬᠠᠮᠰᠢᠭᠲᠤ ᠣᠨ ᠰᠠᠷ᠎ᠠ ᠳᠤᠨᠢ ᠠᠪᠴᠢᠷᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠨᠤᠭᠤᠷᠠᠰᠢ ᠦᠭᠡᠢ ᠬᠤᠪᠢᠰᠬᠠᠯᠲᠤ ᠵᠣᠷᠢᠭ ᠰᠠᠨᠠᠭ᠎ᠠ ᠶᠢ ᠲᠠᠬᠢᠨ ᠢᠯᠡᠷᠡᠭᠦᠯᠪᠡ᠃ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠬᠦ ᠪᠠᠷ ᠳᠠᠮᠵᠢᠨ᠂ ᠪᠦᠬᠦ ᠺᠠᠳ᠋ᠷ ᠴᠠᠭᠳᠠᠭ᠎ᠠ ᠨᠠᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠨᠡᠩ ᠭᠦᠨᠵᠡᠭᠡᠢ ᠣᠶᠢᠯᠠᠭᠠᠵᠤ᠂ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ ᠤᠯᠠᠨ ᠢᠶᠠᠷ ᠢᠶᠠᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠩ ᠴᠢᠩᠭ᠎ᠠ ᠱᠠᠭᠠᠷᠳᠠᠯᠭ᠎ᠠ᠂ ᠨᠡᠩ ᠥᠨᠳᠥᠷ ᠪᠠᠷᠢᠮᠵᠢᠶ᠎ᠠ ᠪᠠᠷ ᠪᠠᠶᠢᠴᠠᠭᠠᠬᠤ ᠦᠢᠯᠡᠰ ᠲᠤ ᠣᠷᠣᠯᠴᠠᠨ᠎ᠠ ᠭᠡᠵᠦ ᠢᠯᠡᠳᠬᠡᠵᠡᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ