ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠢᠴᠠᠭᠠᠨ ᠰᠤᠳᠤᠯᠬᠤ ᠳᠤᠭᠤᠢᠯᠠᠩ ᠤᠷᠠᠳ ᠤᠨ ᠡᠮᠦᠨᠡᠲᠦ ᠬᠤᠰᠢᠭᠤᠨ ᠤ ᠮᠥᠰᠥ ᠴᠠᠰᠤᠨ ᠤ  ᠲᠦᠷᠦᠯ ᠵᠦᠢᠯ ᠤᠨ ᠠᠵᠢᠯ ᠳᠤ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/15
    6 ᠰᠠᠷ᠎ᠠ ᠶᠢᠨ 13 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠠᠨ ᠮᠢᠨ ᠤ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
微信图片_20220615163858.jpg
      ᠶᠠᠷᠢᠯᠴᠠᠬᠤ ᠬᠤᠷᠠᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠪᠣᠯᠤᠨ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠵᠡᠷᠭᠡ ᠬᠠᠮᠢᠶ᠎ᠠ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠵᠢᠯ ᠥᠷᠨᠢᠭᠦᠯᠬᠦ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠤᠷᠠᠳ ᠤᠨ ᠡᠮᠦᠨᠡᠲᠦ ᠬᠤᠰᠢᠭᠤᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠥᠷᠨᠢᠭᠦᠯᠦᠭᠰᠡᠨ ᠲᠤᠷᠰᠢᠯᠭ᠎ᠠ ᠵᠢᠴᠢ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠨᠠᠷᠢᠨ ᠣᠶᠢᠯᠠᠭᠠᠪᠠ᠃

微信图片_20220615163859.jpg

      ᠳᠠᠷᠠᠭ᠎ᠠ ᠨᠢ᠂ ᠯᠢᠦ ᠶᠠᠨ ᠮᠢᠨ ᠨᠡᠷ ᠤᠷᠢᠳ ᠬᠤᠵᠢᠳ ᠤᠯᠠᠭᠠᠨᠰᠤᠬᠠᠢ ᠪᠣᠯᠤᠨ ᠪᠡᠶ᠎ᠡ ᠲᠠᠮᠢᠷ ᠰᠣᠶᠣᠯ ᠤᠨ ᠠᠵᠤ  ᠦᠢᠯᠡᠰ ᠤᠨ ᠬᠦᠷᠢᠶᠡᠯᠡᠩ ᠵᠡᠷᠭᠡ

ᠭᠠᠵᠠᠷ ᠲᠤ ᠬᠦᠷᠴᠦ᠂ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ

ᠰᠤᠳᠤᠯᠬᠤ ᠳᠤᠭᠤᠶᠢᠯᠠᠩ ᠤᠨ ᠦᠵᠡᠬᠦ ᠪᠠᠷ᠂ ᠤᠷᠠᠳ ᠤᠨ ᠡᠮᠦᠨᠡᠲᠦ ᠬᠤᠰᠢᠭᠤᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠨᠢ ᠲᠠᠪᠠᠭᠤᠯᠢᠭ ᠪᠠᠶᠢᠭᠠᠯᠢ ᠶᠢᠨ

ᠨᠥᠬᠦᠴᠡᠯ ᠲᠠᠢ ᠶᠤᠮ᠂ ᠣᠶᠢᠷ᠎ᠠ ᠶᠢᠨ ᠵᠢᠯ ᠳᠤ ᠪᠠᠰᠠ ᠣᠯᠠᠨ ᠵᠦᠢᠯ ᠤᠨ ᠬᠡᠯᠪᠡᠷᠢ ᠶᠢᠨ ᠮᠥᠰᠥ ᠴᠠᠰᠤᠨ ᠤ ᠠᠵᠢᠯᠯᠠᠭ᠎ᠠ ᠥᠷᠨᠢᠭᠦᠯᠵᠦ᠂ ᠠᠷᠭ᠎ᠠ ᠬᠢᠳᠡᠯ ᠢᠶᠠᠨ

ᠦᠷᠭᠦᠯᠵᠢᠯᠡᠨ ᠳ᠋ᠦᠩᠨᠡᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ᠬᠠᠮᠢᠶ᠎ᠠ ᠪᠥᠬᠦᠶ ᠲᠥᠷᠥᠯ ᠵᠦᠢᠯ ᠪᠠ ᠤᠷᠤᠯᠳᠤᠭᠠᠨ ᠢ ᠲᠡᠮᠡᠴᠡᠨ ᠣᠯᠵᠤ᠂ ᠮᠥᠰᠥ ᠴᠠᠰᠤᠨ ᠤ

ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠰᠡᠳᠬᠢᠴᠡ ᠪᠠ ᠠᠷᠭ᠎ᠠ ᠶᠢ ᠤᠷᠢᠳᠴᠢᠯᠠᠨ ᠲᠥᠯᠥᠪᠵᠢᠭᠦᠯᠵᠦ᠂ ᠵᠠᠰᠠᠭ ᠤᠨ ᠣᠷᠳᠣᠨ ᠤ ᠵᠢᠯᠣᠭᠤᠳᠣᠯᠭ᠎ᠠ᠂ ᠠᠵᠤ

ᠠᠬᠤᠶᠢᠯᠠᠯ ᠤᠨ ᠣᠷᠣᠭᠤᠯᠤᠯᠲᠠ ᠵᠡᠷᠭᠡ ᠲᠠᠯ᠎ᠠ ᠶᠢᠨ ᠠᠵᠢᠯ ᠢ ᠴᠢᠩᠭᠠᠳᠬᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ᠥᠷᠭᠡᠳᠬᠡᠬᠦ᠂ ᠮᠥᠰᠥ ᠴᠠᠰᠤᠨ ᠤ

ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠪᠠᠷ ᠬᠠᠷᠠᠯᠲᠠ ᠪᠠᠨ ᠪᠣᠯᠭᠠᠵᠤ᠂ ᠪᠥᠬᠦ ᠬᠤᠰᠢᠭᠤᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ

ᠦᠷᠭᠦᠯᠵᠢᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃

微信图片_202206151638591.jpg

     ᠣᠶᠢᠯᠠᠭᠠᠭᠰᠠᠨ ᠢᠶᠠᠷ᠂ ᠡᠨᠡ ᠵᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠭᠤᠷᠪᠠᠨ ᠳ᠋ᠦᠩᠰᠢᠭᠤᠷ

ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠤᠷᠢᠶᠠᠯᠠᠭ᠎ᠠ ᠶᠢ ᠦᠷᠭᠦᠯᠵᠢᠯᠡᠨ ᠴᠤᠤᠷᠢᠶᠠᠲᠤᠵᠤ᠂ ᠪᠥᠬᠦ ᠬᠤᠲᠠ ᠶᠢᠨ

ᠬᠡᠪᠴᠢᠶᠡᠨ ᠳᠤ ᠡᠯᠪᠡᠭ ᠪᠠᠶᠠᠯᠢᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠮᠥᠰᠥ ᠴᠠᠰᠤᠨ ᠤ ᠠᠵᠤ ᠠᠬᠤᠶ ᠶᠢ ᠳᠠᠶᠢᠴᠢᠯᠠᠨ  ᠬᠦᠭᠵᠢᠭᠦᠯᠬᠦ

 ᠪᠠᠷ ᠪᠣᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ