ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/6/16
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠵᠦ ᠯᠢᠨ ᠰᠤᠷᠭᠠᠭᠤᠯᠢ ᠳᠤ 2022 ᠣᠨ ᠤ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠰᠢᠷᠢᠰ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠴᠤᠭᠯᠠᠭᠠᠨ ᠢ ᠥᠷᠨᠢᠭᠦᠯᠵᠡᠢ᠃     ᠲᠣᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠨᠢ ︽ᠲᠠᠪᠤᠨ ᠰᠠᠶᠢᠬᠠᠨ︾ ︽ᠭᠤᠷᠪᠠᠨ ᠴᠢᠳᠠᠪᠤᠷᠢ︾  ᠤᠨ ᠣᠨᠴᠠᠯᠢᠭ ᠲᠠᠢ ᠬᠥᠮᠦᠵᠢᠯ ᠢᠶᠠᠷ ᠭᠤᠣᠯ ᠰᠡᠳᠦᠪ ᠪᠣᠯᠭᠠᠵᠤ᠂ ︽ᠲᠠᠪᠤᠨ ᠰᠠᠶᠢᠬᠠᠨ︾ ᠭᠡᠳᠡᠭ ᠨᠢ ᠵᠠᠩ ᠮᠣᠷᠠᠯ ᠤᠨ ᠭᠤᠸ᠎ᠠ ᠰᠠᠶᠢᠬᠠᠨ᠂ ᠡᠷᠡᠭᠦᠯ ᠴᠢᠭᠢᠷᠠᠭ ᠤᠨ ᠭᠤᠸ᠎ᠠ ᠰᠠᠶᠢᠬᠠᠨ᠂ ᠳᠦᠷᠢ ᠲᠥᠷᠬᠦ ᠶᠢᠨ ᠭᠤᠸ᠎ᠠ ᠰᠠᠶᠢᠬᠠᠨ᠂ ᠰᠢᠨ᠎ᠡ ᠶᠢ ᠡᠭᠦᠳᠬᠦ ᠭᠤᠸ᠎ᠠ ᠰᠠᠶᠢᠬᠠᠨ᠂ ᠥᠷᠥᠴᠡ ᠴᠡᠭᠡᠵᠢᠨ ᠤ ᠭᠤᠸ᠎ᠠ ᠰᠠᠶᠢᠬᠠᠨ ᠢ ᠵᠢᠭᠠᠨ᠎ᠠ︔ ︽ᠭᠤᠷᠪᠠᠨ ᠴᠢᠳᠠᠪᠤᠷᠢ︾ ᠭᠡᠳᠡᠭ ᠨᠢ ᠣᠶᠤᠨ ᠤ ᠴᠢᠳᠠᠪᠤᠷᠢ᠂ ᠬᠠᠷᠢᠴᠠᠬᠤᠢ ᠴᠢᠳᠠᠪᠤᠷᠢ᠂ ᠰᠥᠷᠭᠡᠦ ᠨᠣᠭᠳᠠᠪᠤᠷᠢ  ᠶᠢ ᠵᠢᠭᠠᠵᠤ ᠪᠠᠶᠢᠨ᠎ᠠ᠃ ᠦᠵᠡᠭᠦᠯᠦᠯᠭᠡ  ᠶᠢᠨ ᠴᠤᠭᠯᠠᠭᠠᠨ  ᠢ ︽ᠲᠠᠪᠤᠨ ᠰᠠᠶᠢᠬᠠᠨ︾ ︽ᠭᠤᠷᠪᠠᠨ ᠴᠢᠳᠠᠪᠤᠷᠢ︾  ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ  ᠶᠢᠨ ᠰᠠᠮᠪᠠᠷ᠎ᠠ  ᠶᠢᠨ ᠦᠵᠡᠭᠦᠯᠦᠯᠭᠡ᠂ ︽ᠬᠤᠶᠠᠷ  ᠢ  ᠬᠦᠩᠭᠡᠷᠡᠭᠦᠯᠬᠦ︾ ᠣᠨᠴᠠᠭᠠᠶ ᠳᠤᠷ᠎ᠠ ᠰᠣᠨᠢᠷᠬᠠᠯ ᠤᠨ ᠠᠵᠢᠯᠯᠠᠭ᠎ᠠ  ᠶᠢᠨ ᠦᠵᠡᠭᠦᠯᠦᠯᠭᠡ᠂ ︽ᠬᠤᠶᠠᠷ  ᠢ  ᠬᠦᠩᠭᠡᠷᠡᠭᠦᠯᠬᠦ︾ ᠬᠢᠴᠢᠶᠡᠯ ᠤᠨ ᠲᠠᠩᠬᠢᠮ ᠤᠨ ᠦᠵᠡᠭᠦᠯᠦᠯᠭᠡ ᠪᠠ ︽ᠲᠠᠪᠤᠨ ᠰᠠᠶᠢᠬᠠᠨ︾ ︽ᠭᠤᠷᠪᠠᠨ  ᠴᠢᠳᠠᠪᠤᠷᠢ︾  ᠤᠨ ᠰᠤᠷᠭᠠᠨ ᠬᠥᠮᠦᠵᠢᠯ ᠤᠨ ᠲᠤᠬᠠᠢ  ᠶᠢᠨ ᠲᠠᠯᠠᠪᠠᠶ  ᠶᠢᠨ ᠠᠵᠢᠯᠯᠠᠭ᠎ᠠ  ᠶᠢᠨ ᠦᠵᠡᠭᠦᠯᠦᠯᠭᠡ ᠭᠡᠵᠦ ᠬᠤᠪᠢᠶᠠᠨ᠎ᠠ᠃    ᠦᠵᠡᠭᠦᠯᠦᠯᠭᠡ ᠲᠡᠭᠦᠰᠦᠭᠰᠡᠨ ᠤ ᠳᠠᠷᠠᠭ᠎ᠠ᠂ ᠬᠤᠷᠠᠯ ᠳᠤ ᠣᠷᠣᠯᠴᠠᠭᠰᠠᠳ  ᠵᠦ ᠯᠢᠨ ᠰᠤᠷᠭᠠᠭᠤᠯᠢ ᠶᠢᠨ ᠯᠢᠦ ᠰᠢᠸ ᠵᠧᠨ  ᠰᠤᠷᠭᠠᠭᠤᠯᠢ ᠶᠢᠨ ᠵᠠᠬᠢᠷᠤᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠥᠷᠨᠢᠭᠦᠯᠬᠦ ᠪᠠ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠠᠢ ᠠᠷᠭ᠎ᠠ ᠬᠡᠮᠵᠢᠶ᠎ᠡ ᠶᠢᠨ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠡᠮᠦᠨᠡᠲᠦ ᠬᠤᠰᠢᠭᠤᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠠᠬᠢᠭᠤᠯᠪᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ