ᠤᠷᠠᠳ ᠤᠨ ᠡᠮᠦᠨᠡᠲᠦ ᠬᠤᠰᠢᠭᠤ ᠦᠶᠡᠷ ᠢ ᠰᠡᠷᠭᠡᠶᠢᠯᠡᠨ ᠭᠠᠩ ᠢ ᠳᠠᠷᠤᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/16
     6 ᠰᠠᠷ᠎ᠠ ᠶᠢᠨ 15 ᠤ ᠡᠳᠦᠷ᠂ ᠤᠷᠠᠳ ᠤᠨ ᠡᠮᠦᠨᠡᠲᠦ ᠬᠤᠰᠢᠭᠤ ᠦᠶᠡᠷ ᠢ ᠰᠡᠷᠭᠡᠶᠢᠯᠡᠨ ᠭᠠᠩ ᠢ ᠳᠠᠷᠤᠬᠤ ᠠᠵᠢᠯ ᠤᠨ ᠬᠤᠷᠠᠯ ᠬᠤᠷᠠᠯᠳᠤᠭᠤᠯᠵᠤ᠂ ᠪᠦᠭᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠶᠢ ᠳᠠᠷᠤᠬᠤ ᠠᠵᠢᠯ ᠢ ᠪᠠᠶᠢᠷᠢᠯᠠᠭᠤᠯᠵᠠᠢ᠃     ᠵᠢᠶᠠ ᠵᠧᠨ ᠬᠤᠸᠠ᠂ ᠹᠠᠨ ᠵᠢᠶᠦ᠋ᠨ ᠬᠤᠶ᠂ ᠼᠤᠤ ᠳ᠋ᠦᠩ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠦᠶᠡᠷ ᠢ ᠰᠡᠷᠭᠡᠶᠢᠯᠡᠨ ᠭᠠᠩ  ᠢ ᠳᠠᠷᠤᠬᠤ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠭᠤᠣᠯᠳᠠᠯᠭ᠎ᠠ ᠲᠠᠢ ᠦᠶᠡᠷ ᠢ ᠰᠡᠷᠭᠡᠶᠢᠯᠡᠬᠦ ᠬᠠᠷᠢᠭᠤᠴᠠᠯᠭᠠᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

防汛抗旱会议1.jpg

     ᠬᠤᠷᠠᠯ ᠠᠴᠠ 2022 ᠣᠨ ᠤ ᠦᠶᠡᠷ ᠤᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠪᠣᠯᠣᠨ ᠦᠶᠡᠷ ᠠᠴᠠ ᠡᠮᠦᠨᠡᠬᠢ ᠪᠠᠶᠢᠴᠠᠭᠠᠯᠲᠠ ᠶᠢᠨ ᠪᠠᠶᠢᠳᠠᠯ ᠢ

ᠮᠡᠳᠡᠭᠳᠡᠪᠡ︔ ︽ᠤᠷᠠᠳ ᠤᠨ ᠡᠮᠦᠨᠡᠲᠦ ᠬᠤᠰᠢᠭᠤᠨ ᠤ 2022 ᠣᠨ ᠤ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠰᠠᠨᠠᠯ︾ ᠢ ᠤᠩᠰᠢᠨ

ᠨᠡᠶᠢᠲᠡᠯᠡᠪᠡ︔ ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠠᠮᠢᠶ᠎ᠠ

ᠪᠦᠬᠦᠢ ᠰᠠᠯᠠᠭ᠎ᠠ ᠮᠥᠴᠢᠷ ᠲᠠᠢ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃

防汛抗旱会议2.jpg

     ᠬᠤᠷᠠᠯ ᠠᠴᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ

ᠰᠡᠷᠭᠡᠶᠢᠯᠡᠬᠦ ᠪᠠᠶᠢᠳᠠᠯ ᠢ ᠣᠨᠣᠪᠴᠢᠲᠠᠢ ᠡᠵᠡᠮᠳᠡᠵᠦ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ

ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠢ ᠠᠵᠢᠯ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ

ᠨᠢᠭᠡᠪᠦᠷᠢ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠢ ᠭᠦᠢᠴᠡᠳᠬᠡᠬᠦ ᠬᠡᠷᠡᠭᠲᠡᠢ᠃ ᠬᠤᠷᠠᠯ  ᠠᠴᠠ ᠱᠠᠭᠠᠷᠳᠠᠭᠰᠠᠨ

 ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠬᠤᠰᠢᠭᠤᠨ ᠤ ᠬᠠᠲᠤᠨ ᠭᠤᠣᠯ᠂ ᠤᠰᠤᠨ ᠴᠥᠭᠦᠷᠥᠮ᠂ ᠠᠭᠤᠯᠠᠨ ᠦᠶᠡᠷ ᠤᠨ ᠭᠤᠸ᠂ ᠮᠠᠯᠵᠢᠬᠤ

ᠲᠠᠷᠢᠶᠠᠯᠠᠬᠤ ᠣᠷᠣᠨ᠂ ᠬᠤᠲᠠ ᠪᠠᠯᠭᠠᠰᠤ ᠵᠡᠷᠭᠡ ᠭᠤᠣᠯᠳᠠᠯᠭ᠎ᠠ ᠲᠠᠢ ᠦᠶᠡᠷ ᠢ ᠰᠡᠷᠭᠡᠶᠢᠯᠡᠬᠦ ᠣᠷᠣᠨ ᠪᠠᠶᠢᠷᠢ ᠪᠣᠯᠣᠨ ᠣᠷᠣᠨ ᠪᠦᠰᠡ ᠶᠢᠨ ᠪᠣᠳᠠᠲᠤ ᠪᠠᠶᠢᠳᠠᠯ ᠲᠠᠢ

ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠦᠨᠡᠨᠬᠦ ᠰᠠᠶᠢᠲᠤᠷ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂

ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠣᠨᠣᠪᠴᠢᠲᠠᠶ ᠴᠢᠭᠯᠡᠯ ᠢᠶᠠᠷ ᠤᠷᠢᠳᠴᠢᠯᠠᠨ ᠰᠡᠷᠡᠮᠵᠢᠯᠡᠭᠦᠯᠵᠦ᠂ ᠮᠡᠳᠡᠭᠡ ᠵᠠᠩᠭᠢ ᠶᠢᠨ

ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠬᠤ᠂ ᠴᠠᠭ ᠲᠤᠬᠠᠢ ᠳᠤᠨᠢ ᠵᠣᠯᠭᠠᠭᠤᠯᠬᠤ᠂ ᠪᠦᠲᠦᠮᠵᠢᠲᠡᠶ

ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠡᠯ᠎ᠡ ᠵᠦᠢᠯ ᠤᠨ ᠰᠠᠬᠢᠯᠭ᠎ᠠ ᠪᠠᠲᠤ ᠶᠢ

ᠴᠢᠩᠳᠠᠯᠠᠵᠤ᠂ ᠡᠯ᠎ᠡ ᠵᠦᠢᠯ ᠤᠨ ᠠᠵᠢᠯ ᠢ ᠦᠶᠡᠷ ᠢ ᠰᠡᠷᠭᠡᠶᠢᠯᠡᠬᠦ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠬᠤ ᠬᠡᠷᠡᠭᠲᠡᠢ  ᠭᠡᠵᠦ ᠳᠤᠷᠠᠳᠪᠠ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ