ᠤᠷᠠᠳ ᠤᠨ ᠡᠮᠦᠨᠡᠲᠦ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠨᠠᠮ ᠤᠨ ᠡᠭᠦᠷ ︽ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ᠂ ᠡᠨᠧᠷᠭᠢ ᠠᠷᠪᠢᠯᠠᠬᠤ ᠶᠢ ᠤᠷᠢᠳ ᠢᠶᠠᠷ ᠬᠡᠷᠡᠭᠵᠢᠭᠦᠯᠬᠦ︾  ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/17
     ᠡᠨᠡ ᠵᠢᠯ ᠤᠨ 6 ᠰᠠᠷ᠎ᠠ ᠶᠢᠨ 13 ᠤ ᠡᠳᠦᠷ ᠠᠴᠠ 19 ᠤ ᠡᠳᠦᠷ ᠪᠣᠯᠲᠠᠯ᠎ᠠ ᠪᠣᠯ ᠪᠥᠬᠦ ᠤᠯᠤᠰ ᠤᠨ ᠡᠨᠧᠷᠭᠢ ᠠᠷᠪᠢᠯᠠᠬᠤ 32 ᠤᠬᠠᠭᠤᠯᠭ᠎ᠠ ᠶᠢᠨ ᠭᠠᠷᠠᠭ ᠪᠣᠯᠤᠨ᠎ᠠ᠂ ᠭᠤᠤᠯ ᠰᠡᠳᠦᠪ ᠨᠢ ︽ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ᠂ ᠡᠨᠧᠷᠭᠢ ᠠᠷᠪᠢᠯᠠᠬᠤ ᠶᠢ ᠤᠷᠢᠳ ᠢᠶᠠᠷ ᠬᠡᠷᠡᠭᠵᠢᠭᠦᠯᠬᠦ︾ ᠪᠣᠯᠤᠨ᠎ᠠ᠃ 6 ᠰᠠᠷ᠎ᠠ ᠶᠢᠨ 15 ᠤ ᠡᠳᠦᠷ ᠪᠣᠯ ᠠᠷᠪᠠᠳᠠᠬᠢ ᠪᠥᠬᠦ ᠤᠯᠤᠰ ᠤᠨ ᠳᠤᠤᠷ᠎ᠠ ᠨᠡᠭᠦᠷᠡᠰᠦᠲᠥ᠋ᠷᠥᠭᠴᠢᠲᠦ ᠡᠳᠦᠷ ᠪᠣᠯᠤᠨ᠎ᠠ᠂ ᠭᠤᠤᠯ ᠰᠡᠳᠦᠪ ᠨᠢ ︽︿ᠬᠤᠤᠰ ᠨᠡᠭᠦᠷᠡᠰᠦᠲᠥ᠋ᠷᠥᠭᠴᠢ﹀ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠶ᠎ᠠ︾᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠤᠯᠠᠮ ᠨᠢᠭᠡ ᠠᠯᠬᠤᠮ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠠᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      2022 ᠣᠨ ᠤ 6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠮ ᠵᠠᠰᠠᠭ ᠤᠨ ᠲᠣᠮᠣ ᠠᠰᠠᠷ ᠪᠠ ᠠᠷᠠᠳ ᠤᠨ ᠠᠮᠢᠳᠤᠷᠠᠯ ᠤᠨ ᠲᠣᠮᠣ ᠠᠰᠠᠷ ᠲᠤ ᠬᠠᠶᠠᠭᠳᠠᠮᠠᠯ ᠬᠠᠭᠤᠴᠢᠨ ᠰᠣᠨᠢᠨ ᠰᠡᠳᠬᠦᠯ ᠢ  ᠰᠣᠯᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ᠂ ᠡᠨᠧᠷᠭᠢ ᠠᠷᠪᠢᠯᠠᠬᠤ ᠶᠢ ᠤᠷᠢᠳ ᠢᠶᠠᠷ ᠬᠢᠬᠦ︾ ᠭᠤᠤᠯ ᠰᠡᠳᠦᠪᠲᠦ ᠨᠠᠮ ᠤᠨ ᠡᠳᠦᠷ ᠢ  ᠦᠢᠯᠡᠳᠦᠯᠭᠡᠵᠢᠬᠦᠯᠪᠡ᠃     ᠠᠵᠢᠯᠯᠠᠭ᠎ᠠ ᠨᠢ ᠡᠨᠧᠷᠭᠢ ᠠᠷᠪᠢᠯᠠᠬᠤ ᠬᠠᠤᠯᠢ ᠲᠣᠭᠲᠠᠭᠠᠯ ᠤᠨ ᠶᠡᠷᠦ ᠶᠢᠨ ᠮᠡᠳᠡᠯᠭᠡ ᠶᠢᠨ ᠭᠡᠷᠡᠯ ᠵᠢᠷᠤᠭ ᠤᠨ ᠦᠵᠡᠭᠦᠯᠦᠯᠭᠡ ᠡᠷᠬᠢᠯᠡᠬᠦ ᠪᠠᠷ ᠳᠠᠮᠵᠢᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠤᠬᠠᠭᠤᠯᠭ᠎ᠠ ᠶᠢᠨ ᠭᠠᠷ ᠳᠡᠪᠲᠡᠷ᠂ ᠬᠠᠭᠤᠴᠢᠨ ᠬᠠᠶᠠᠭᠳᠠᠮᠠᠯ ᠰᠣᠨᠢᠨ ᠰᠡᠳᠬᠦᠯ ᠢ ᠰᠣᠯᠢᠬᠤ ᠵᠡᠷᠭᠡ ᠠᠵᠢᠯᠯᠠᠭ᠎ᠠ ᠪᠠᠷ ᠥᠷᠭᠡᠨ ᠣᠯᠠᠨ ᠺᠠᠳ᠋ᠷ ᠠᠵᠢᠯᠲᠠᠨ ᠳᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠭᠦᠨᠵᠡᠭᠡᠶ ᠣᠶᠢᠯᠠᠭᠤᠯᠪᠠ᠂ ᠤᠰᠤ ᠶᠢ ᠠᠷᠪᠢᠯᠠᠨ ᠬᠡᠷᠡᠭᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠬᠦ᠂ ᠵᠠᠳᠠᠷᠠᠭᠤᠯᠵᠤ ᠦᠯᠦ ᠪᠣᠯᠬᠤ ᠨᠢᠭᠡ ᠯᠡ ᠤᠳᠠᠭ᠎ᠠ ᠶᠢᠨ ᠴᠢᠨᠠᠷᠲᠠᠶ ᠰᠦᠯᠢᠶᠣᠣ ᠪᠦᠲᠦᠭᠡᠭᠳᠡᠬᠦᠨ ᠢ ᠬᠡᠷᠡᠭᠯᠡᠬᠦ ᠶᠢ ᠪᠠᠭᠠᠰᠬᠠᠵᠤ᠂ ᠪᠣᠬᠢᠷᠲᠤᠯ ᠦᠭᠡᠢ ᠭᠠᠳᠠᠭᠰᠢ ᠭᠠᠷᠬᠤ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠥᠷᠭᠡᠨ ᠢᠶᠠᠷ  ᠣᠬᠠᠭᠤᠯᠣᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ  ᠪᠣᠯᠭᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ  ᠪᠦᠷᠢᠯᠳᠦᠬᠦᠯᠦᠨ᠂ ᠪᠦᠬᠦ ᠠᠷᠠᠳ ᠢᠶᠠᠷ ᠢᠶᠠᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠶᠢ ᠲᠦᠯᠬᠢᠨ ᠠᠬᠢᠭᠤᠯᠵᠤ ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠪᠡᠯᠡᠭᠯᠡᠭᠰᠡᠨ ᠪᠠᠶᠢᠨ᠎ᠠ᠃

低碳1.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ