ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪ ᠪᠷᠦ᠋ᠼᠧᠯ ᠡᠪᠡᠳᠴᠢᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠶ ᠠᠷᠢᠭᠤᠳᠬᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/17
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪ 2022 ᠣᠨ ᠤ ᠤᠷᠠᠳ ᠤᠨ ᠡᠮᠦᠨᠡᠲᠦ ᠬᠤᠰᠢᠭᠤᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠪᠠᠶᠢᠴᠠᠭᠠᠨ ᠬᠡᠮᠵᠢᠬᠦ ᠪᠠᠶᠢᠷᠢᠯᠠᠭᠤᠯᠤᠯᠲᠠ ᠶᠢᠨ ᠬᠤᠷᠠᠯ ᠪᠠ 2022 ᠣᠨ ᠤ ᠤᠷᠠᠳ ᠤᠨ ᠡᠮᠦᠨᠡᠲᠦ ᠬᠤᠰᠢᠭᠤᠨ ᠤ ᠪᠷᠦ᠋ᠼᠧᠯ ᠡᠪᠡᠳᠴᠢᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠶ ᠲᠥᠷᠥᠯ ᠤᠨ ᠠᠷᠢᠭᠤᠳᠬᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠣᠪᠠ᠃     ᠬᠤᠷᠠᠯ ᠠᠴᠠ ᠪᠥᠬᠦ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠠᠬᠢᠨᠲᠠ ᠦᠨᠡᠯᠡᠨ ᠵᠢᠱᠢᠵᠦ ᠵᠠᠳᠠᠯᠤᠯᠲᠠ ᠬᠢᠵᠦ᠂ ᠲᠥᠪᠯᠡᠷᠡᠭᠦᠯᠦᠨ ᠠᠷᠢᠭᠤᠳᠬᠠᠵᠤ ᠡᠬᠢ ᠰᠤᠷᠪᠤᠯᠵᠢ ᠶᠢ ᠤᠰᠠᠳᠬᠠᠬᠤ ᠲᠤᠰᠬᠠᠶ ᠠᠵᠢᠯᠯᠠᠭ᠎ᠠ ᠶᠢ ᠨᠠᠷᠢᠨ ᠨᠢᠮᠪᠠᠶ ᠲᠣᠬᠢᠷᠠᠭᠤᠯᠬᠤ ᠶᠢᠨ ᠬᠠᠮᠲᠤ ᠠᠷᠢᠭᠤᠳᠬᠠᠬᠤ ᠲᠠᠰ ᠳᠠᠷᠠᠭᠠᠯᠠᠯ᠂ ᠪᠡᠶᠡᠯᠡᠭᠦᠯᠬᠦ ᠴᠠᠭ ᠵᠡᠷᠭᠡ ᠶᠢ ᠵᠢᠷᠤᠮᠵᠢᠭᠤᠯᠵᠠᠶ᠃ ᠠᠷᠢᠭᠤᠳᠬᠠᠵᠤ ᠡᠬᠢ ᠰᠤᠷᠪᠤᠯᠵᠢ ᠶᠢ ᠨᠢ ᠤᠰᠠᠳᠬᠠᠬᠤ ᠠᠵᠢᠯ ᠢ ᠨᠠᠷᠢᠯᠢᠭ ᠪᠣᠳᠠᠲᠠᠶ ᠬᠢᠵᠦ᠂ ᠠᠷᠢᠯᠭᠠᠬᠤ ᠶᠣᠰᠣᠲᠠᠶ ᠶᠢ ᠨᠢ ᠪᠦᠬᠦᠨ ᠢ ᠠᠷᠢᠯᠭᠠᠵᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠬᠤᠷᠠᠯ ᠠᠴᠠ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠤᠮᠤ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠵᠦ᠂ ᠰᠢᠨ᠎ᠡ ᠬᠠᠭᠤᠴᠢᠨ ᠬᠢᠵᠢᠭ ᠤᠨ ᠴᠡᠭ ᠵᠡᠷᠭᠡ ᠬᠡᠰᠡᠭ ᠭᠠᠵᠠᠷ ᠣᠷᠣᠨ ᠢ ᠭᠤᠤᠯᠳᠠᠯᠭ᠎ᠠ ᠲᠠᠢ ᠠᠷᠢᠭᠤᠳᠬᠠᠬᠤ ᠣᠷᠣᠨ ᠪᠦᠰᠡ ᠪᠣᠯᠭᠠᠨ ᠬᠤᠪᠢᠶᠠᠷᠢᠯᠠᠨ ᠲᠣᠭᠲᠠᠭᠠᠵᠤ ᠠᠷᠢᠭᠤᠳᠬᠠᠬᠤ ᠠᠵᠢᠯ ᠢ ᠴᠢᠩᠭᠠᠳᠬᠠᠬᠤ ᠬᠡᠷᠡᠭᠲᠡᠶ ᠬᠡᠪᠡ᠃      ᠣᠳᠣᠬᠠᠨ ᠳᠤ᠂ ᠲᠦᠷᠦᠭᠦᠦ ᠪᠦᠯᠦᠭ 9 ᠲᠣᠨ ᠠᠷᠢᠭᠤᠳᠬᠠᠬᠤ ᠡᠮ ᠢ ᠨᠢᠭᠡᠨᠲᠡ ᠪᠥᠬᠦ ᠬᠤᠰᠢᠭᠤᠨ ᠤ 11 ᠰᠤᠮᠤ ᠪᠠᠯᠭᠠᠰᠤ ᠪᠠ 6 ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠳᠤ ᠲᠠᠷᠬᠠᠭᠠᠨ ᠥᠭᠴᠦ᠂ ᠠᠷᠢᠭᠤᠳᠬᠠᠬᠤ ᠠᠵᠢᠯ  ᠨᠢᠭᠡᠨᠲᠡ ᠪᠥᠬᠦ ᠲᠠᠯ᠎ᠠ ᠪᠠᠷ ᠥᠷᠨᠢᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ