ᠤᠷᠠᠳ ᠤᠨ ᠡᠮᠦᠨᠡᠲᠦ ᠬᠤᠰᠢᠭᠤ ᠭᠢᠯᠦᠭᠡᠷ ᠣᠳᠤᠲᠤ ᠢᠮᠡᠯᠵᠢ ᠳᠤ ᠰᠠᠭᠠᠭᠢᠬᠤ ᠠᠵᠢᠯᠯᠠᠭ᠎ᠠ ᠶᠠᠪᠤᠭᠳᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/6/17
       ᠤᠷᠠᠳ ᠤᠨ ᠡᠮᠦᠨᠡᠲᠦ ᠬᠤᠰᠢᠭᠤᠨ ᠤ ᠭᠢᠯᠦᠭᠡᠷ ᠣᠳᠤᠲᠤ ᠢᠮᠡᠯᠵᠢ ᠶᠢ ᠰᠠᠭᠠᠭᠢᠬᠤ ᠠᠵᠢᠭᠯᠠᠭ᠎ᠠ ᠪᠠᠷ ᠰᠡᠷᠭᠡᠶᠢᠯᠡᠨ ᠵᠠᠰᠠᠬᠤ ᠪᠠ ᠨᠦᠬᠡ ᠴᠤᠭᠤᠯᠵᠤ ᠡᠮ ᠶᠡᠭᠦᠯᠡᠬᠦ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠵᠠᠰᠠᠬᠤ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠠᠵᠢᠯ᠂ ᠦᠢᠯᠡᠳᠪᠦᠷᠢᠯᠡᠯ ᠪᠠ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠣᠳᠣ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠰᠡᠷᠭᠡᠶᠢᠯᠡᠨ ᠵᠠᠰᠠᠬᠤ ᠴᠠᠭ ᠬᠤᠭᠤᠴᠠᠭ᠎ᠠ       ᠭᠢᠯᠦᠭᠡᠷ ᠣᠳᠤᠲᠤ ᠢᠮᠡᠯᠵᠢ ᠶᠢ ᠰᠡᠷᠭᠡᠶᠢᠯᠡᠨ ᠵᠠᠰᠠᠬᠤ ᠴᠠᠭ᠄ 2022 ᠣᠨ ᠤ 6 ᠰᠠᠷ᠎ᠠ ᠶᠢᠨ 16 ᠤ ᠡᠳᠦᠷ ᠠᠴᠠ 2022 ᠣᠨ ᠤ 7 ᠰᠠᠷ᠎ᠠ ᠶᠢᠨ 25 ᠤ ᠡᠳᠦᠷ᠃ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢ᠂ ᠪᠣᠷᠣᠭᠠᠨ ᠵᠡᠷᠭᠡ  ᠰᠡᠷᠭᠡᠶᠢᠯᠡᠨ ᠵᠠᠰᠠᠬᠤ ᠠᠵᠢᠯ ᠢ ᠨᠥᠯᠥᠭᠡᠯᠡᠬᠦ ᠴᠠᠭ ᠠᠭᠤᠷ ᠲᠣᠬᠢᠶᠠᠯᠳᠤᠪᠠᠯ᠂ ᠰᠡᠷᠭᠡᠶᠢᠯᠡᠨ ᠵᠠᠰᠠᠬᠤ ᠴᠠᠭ ᠬᠤᠭᠤᠴᠠᠭ᠎ᠠ ᠨᠢ ᠬᠤᠶᠢᠰᠢᠯᠠᠭᠤᠯᠬᠤ ᠪᠣᠯᠣᠨ᠎ᠠ᠃       ᠬᠤᠶᠠᠷ᠂ ᠰᠡᠷᠭᠡᠶᠢᠯᠡᠨ ᠵᠠᠰᠠᠬᠤ ᠪᠣᠳᠠᠲᠠᠢ ᠣᠷᠣᠨ         ᠰᠡᠷᠭᠡᠶᠢᠯᠡᠨ ᠵᠠᠰᠠᠬᠤ ᠠᠵᠢᠯ ᠤᠨ ᠣᠷᠣᠨ ᠨᠢ ᠪᠠᠷᠠᠭᠤᠨ ᠬᠤᠶᠢᠲᠤ ᠶᠢᠨ ᠱᠤᠭᠤᠮ᠂ ᠳ᠋ᠦᠩ ᠾᠧ ᠤᠰᠤᠨ ᠰᠢᠰᠲ᠋ᠧᠮ᠂ ᠤᠯᠤᠰ ᠤᠨ ᠵᠠᠮ ᠤᠨ ᠮᠧᠩ ᠶᠧ ᠠᠵᠤ ᠠᠬᠤᠶᠢᠯᠠᠯ ᠤᠨ ᠬᠡᠰᠡᠭ᠂  ᠮᠤᠨᠠ ᠠᠭᠤᠯᠠ ᠶᠢᠨ ᠬᠢᠮᠢ ᠶᠢᠨ ᠪᠣᠷᠳᠣᠭᠤᠷ ᠤᠨ ᠦᠢᠯᠡᠳᠪᠦᠷᠢ ᠶᠢᠨ ᠬᠡᠰᠡᠭ᠂ ᠮᠣᠨᠠ ᠠᠭᠤᠯᠠ ᠶᠢᠨ ᠴᠠᠬᠢᠯᠭᠠᠨ ᠤ ᠦᠢᠯᠡᠳᠪᠦᠷᠢ ᠶᠢᠨ ᠬᠡᠰᠡᠭ᠂ ᠭᠦᠩ ᠤᠨ ᠰᠦᠮ᠎ᠡ ᠶᠢᠨ ᠬᠡᠰᠡᠭ᠂  ᠶᠢᠰᠦᠳᠦᠭᠡᠷ ᠤᠰᠤ ᠲᠠᠲᠠᠷᠠᠭᠤᠯᠬᠤ ᠰᠤᠪᠠᠭ᠂ ᠪᠠᠷᠠᠭᠤᠨ ᠭᠠᠷᠬᠤ ᠠᠮᠠ᠂ ᠲᠠᠪᠤᠨ ᠰᠠᠯᠠᠭ᠎ᠠ ᠲᠣᠰᠬᠤᠨ ᠤ ᠰᠢᠨ ᠵᠢᠶᠠᠨ ᠬᠤᠷᠰᠢᠶ᠎ᠠ ᠤᠨ ᠪᠠᠭ᠎ᠠ ᠴᠠᠷᠳᠠᠮᠠᠯ ᠵᠠᠮ᠂  ᠰᠠᠨ ᠬᠤ᠋ ᠲᠣᠰᠬᠤᠨ ᠤ ᠪᠠᠭ᠎ᠠ ᠴᠠᠷᠳᠠᠮᠠᠯ ᠵᠠᠮ᠂ ᠰᠢ ᠱᠠᠨ ᠽᠦᠢ ᠶᠢᠨ ᠣᠶ ᠰᠢᠭᠤᠢ ᠶᠢᠨ ᠬᠠᠮᠢᠶᠠᠷᠤᠨ ᠬᠠᠮᠠᠭᠠᠯᠠᠬᠤ ᠲᠥᠪ ᠤᠨ ᠤᠯᠠᠭᠠᠨ ᠬᠤᠭᠤᠯᠠᠢ ᠶᠢᠨ ᠬᠠᠮᠢᠶᠠᠷᠤᠨ ᠬᠠᠮᠠᠭᠠᠯᠠᠬᠤ ᠥᠷᠲᠡᠭᠡ᠂ ᠰᠢ ᠱᠠᠨ ᠽᠦᠢ ᠶᠢᠨ ᠲᠠᠷᠢᠶᠠᠯᠠᠩ ᠤᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ᠂  ᠵᠢᠷᠭᠤᠳᠤᠭᠠᠷ ᠬᠤᠪᠢᠶᠠᠷᠢ ᠲᠠᠯᠠᠪᠠᠶ᠂ ᠰᠢᠨ ᠠᠨ ᠲᠠᠷᠢᠶᠠᠯᠠᠩ ᠤᠨ ᠲᠠᠯᠠᠪᠠᠶ ᠶᠢᠨ ᠨᠠᠢᠮᠠᠳᠤᠭᠠᠷ ᠬᠤᠪᠢᠶᠠᠷᠢ ᠲᠠᠯᠠᠪᠠᠶ᠂  ᠶᠡᠰᠦᠳᠦᠭᠡᠷ ᠬᠤᠪᠢᠶᠠᠷᠢ ᠲᠠᠯᠠᠪᠠᠶ᠂ ᠰᠢᠨ ᠠᠨ ᠪᠠᠯᠭᠠᠰᠤ ᠠᠴᠠ ᠰᠤᠳᠠᠯ ᠤᠨ ᠬᠤᠳᠳᠤᠭ ᠪᠠᠯᠭᠠᠰᠤ ᠬᠦᠷᠬᠦ ᠱᠤᠭᠤᠮ ᠪᠣᠯᠣᠨ᠎ᠠ᠃ ᠨᠦᠬᠡᠯᠡᠨ ᠡᠮ  ᠲᠠᠷᠢᠵᠤ ᠰᠡᠷᠭᠡᠶᠢᠯᠡᠨ ᠵᠠᠰᠠᠬᠤ ᠣᠷᠣᠨ ᠪᠣᠯ ᠮᠤᠨᠠ ᠠᠭᠤᠯᠠ ᠪᠠᠯᠭᠠᠰᠤ ᠶᠢᠨ ᠬᠤᠳᠠ ᠶᠢᠨ ᠲᠣᠭᠤᠷᠢᠭ᠂  ᠭᠦᠪ ᠤᠨ ᠠᠷᠤ ᠶᠢᠨ ᠠᠮᠢ ᠠᠬᠤᠢ ᠶᠢᠨ ᠬᠦᠷᠢᠶᠡᠯᠡᠩ᠂ ᠰᠢᠨ ᠠᠨ ᠪᠠᠯᠭᠠᠰᠤ ᠶᠢᠨ ᠴᠢᠩ ᠬᠤᠸᠠ ᠲᠣᠰᠬᠤᠨ᠂ ᠲᠦᠩ ᠵᠢᠢ ᠰᠤᠪᠠᠭ᠂  ᠰᠠᠨ ᠬᠤ᠋ ᠭᠤᠣᠯ᠂ ᠰᠢᠶᠠᠨ ᠹᠥ᠋ᠩ ᠪᠠᠯᠭᠠᠰᠤ ᠶᠢᠨ ᠬᠦᠩ ᠤᠨ ᠰᠦᠮ᠎ᠡ ᠲᠣᠰᠬᠤᠨ ᠤ ᠪᠠᠷᠠᠭᠤᠨ ᠨᠣᠭᠤᠭᠠᠨ ᠤ ᠬᠠᠰᠢᠶ᠎ᠠ ᠤᠨ ᠵᠢᠵᠢᠭ ᠴᠠᠷᠳᠠᠮᠠᠯ ᠵᠠᠮ ᠪᠣᠯᠣᠨ᠎ᠠ᠃       ᠭᠤᠷᠪᠠ᠂ ᠠᠩᠬᠠᠷᠬᠤ ᠵᠦᠢᠯ      1.ᠰᠡᠷᠭᠡᠶᠢᠯᠡᠨ ᠵᠠᠰᠠᠬᠤ ᠳᠤ ᠬᠤᠣᠷ ᠪᠠᠭ᠎ᠠ᠂ ᠪᠣᠬᠢᠷᠲᠤᠭᠤᠯᠤᠯ ᠪᠠᠭ᠎ᠠ ᠲᠠᠢ ᠳᠠᠭᠤᠷᠢᠶᠠᠮᠠᠯ ᠲᠠᠷᠢᠶᠠᠨ ᠡᠮ ᠢ  ᠬᠡᠷᠡᠭᠯᠡᠵᠦ᠂ ᠠᠶᠤᠯ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠰᠡᠷᠭᠡᠶᠢᠯᠡᠨ ᠵᠠᠰᠠᠬᠤ ᠣᠷᠣᠨ ᠳᠤ ᠮᠠᠯ ᠬᠠᠷᠢᠭᠤᠯᠬᠤ᠂ ᠵᠥᠭᠡᠢ ᠲᠠᠯᠪᠢᠬᠤ᠂ ᠬᠡᠭᠡᠷ᠎ᠡ ᠶᠢᠨ ᠨᠣᠭᠤᠭ᠎ᠠ ᠲᠡᠭᠦᠬᠦ᠂ ᠡᠪᠡᠰᠦ ᠬᠠᠳᠤᠵᠤ ᠮᠠᠯ ᠲᠡᠵᠢᠭᠡᠬᠦ ᠪᠤᠶᠤ ᠮᠣᠳᠣᠨ ᠤ ᠰᠠᠯᠠᠭ᠎ᠠ ᠬᠠᠳᠤᠵᠤ ᠮᠠᠯ ᠲᠡᠵᠢᠭᠡᠬᠦ ᠵᠡᠷᠭᠡ ᠠᠯᠢᠪᠠ ᠠᠵᠢᠯᠯᠠᠭ᠎ᠠ ᠶᠢ ᠴᠠᠭᠠᠵᠠᠯᠠᠵᠤ᠂ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃      2. ᠰᠡᠷᠭᠡᠶᠢᠯᠡᠨ ᠵᠠᠰᠠᠭᠰᠠᠨ ᠤ ᠲᠠᠷᠠᠭ᠎ᠠ ᠨᠢᠭᠡ ᠰᠠᠷ᠎ᠠ ᠶᠢᠨ ᠳᠣᠲᠣᠷ᠎ᠠ ᠡᠯ᠎ᠡ ᠵᠦᠢᠯ ᠤᠨ ᠮᠠᠯ ᠤᠨᠤᠭ᠎ᠠ ᠶᠢ ᠰᠡᠷᠭᠡᠶᠢᠯᠡᠨ ᠵᠠᠰᠠᠬᠤ ᠣᠷᠣᠨ ᠳᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠮᠠᠯ ᠤᠨᠤᠭ᠎ᠠ ᠬᠤᠣᠷᠳᠠᠭᠳᠠᠬᠤ ᠶᠢ ᠰᠡᠷᠭᠡᠶᠢᠯᠡᠬᠦ ᠬᠡᠷᠡᠭᠲᠡᠢ᠃                                                 ᠤᠷᠠᠳ ᠤᠨ ᠡᠮᠦᠨᠡᠲᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                                                      2022 ᠣᠨ ᠤ 6 ᠰᠠᠷ᠎ᠠ ᠶᠢᠨ 14 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ