ᠶᠡᠭᠡ ᠰᠢᠭᠡᠲᠡᠢ ᠪᠠᠯᠭᠠᠰᠤᠨ ᠤ ᠨᠠᠨ ᠶᠤᠸᠠᠨ ᠲᠣᠰᠬᠤᠨ ᠤ ᠳᠠᠭᠢᠨᠢ ᠶᠢᠨ ᠵᠢᠮᠢᠰ ᠤᠨ ᠲᠠᠷᠢᠮᠠᠯ ᠤᠨ ᠰᠠᠭᠤᠷᠢᠨ ᠭᠠᠵᠠᠷ ᠲᠤ᠂ ᠠᠵᠢᠯᠴᠢᠳ ᠰᠦᠯᠢᠶᠥᠦ | ᠪᠦᠷᠬᠦᠪᠴᠢ ᠳᠡᠪᠢᠰᠦᠭᠰᠡᠨ ᠭᠠᠵᠠᠷ ᠳᠡᠭᠡᠷ᠎ᠡ ᠳᠠᠭᠢᠨᠢ ᠶᠢᠨ ᠵᠢᠮᠢᠰ ᠤᠨ ᠴᠢᠬᠢ ᠶᠢ ᠰᠢᠯᠵᠢᠭᠦᠯᠦᠨ ᠵᠠᠶᠢᠯᠠᠭᠰᠠᠨ ᠪᠠᠶᠢᠪᠠ᠃ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠡᠨᠡ ᠵᠢᠯ ᠰᠠᠭᠤᠷᠢᠨ ᠭᠠᠵᠠᠷ ᠤᠨ 500 ᠮᠦ ᠳᠠᠭᠢᠨᠢ ᠶᠢᠨ ᠵᠢᠮᠢᠰ ᠲᠤ ᠴᠥᠮ ᠵᠤᠵᠠᠭᠠᠨ ᠨᠢ 0.01 ᠮᠢᠯᠢᠮᠧᠲᠷ ᠠᠴᠠ ᠶᠡᠭᠡ | ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠬᠡᠷᠡᠭᠯᠡᠭᠰᠡᠨ ᠪᠠᠶᠢᠨ᠎ᠠ᠃ | ᠤᠯᠤᠰ ᠤᠨ ᠪᠠᠷᠢᠮᠵᠢᠶ᠎ᠠ ᠪᠤᠰᠤ ᠰᠦᠯᠢᠶᠥᠦ ᠪᠦᠷᠬᠦᠭᠦᠯ ᠲᠠᠢ ᠬᠠᠷᠢᠴᠠᠭᠤᠯᠪᠠᠯ᠂ ᠬᠠᠷ᠎ᠠ ᠥᠩᠭᠡᠲᠡᠢ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠭᠦᠯ ᠨᠢ | ᠴᠢᠭᠢᠭ ᠢ ᠬᠠᠮᠠᠭᠠᠯᠠᠬᠤ᠂ ᠵᠡᠷᠯᠢᠭ ᠡᠪᠡᠰᠦᠨ ᠤ ᠤᠷᠭᠤᠯᠲᠠ ᠶᠢ ᠬᠤᠷᠢᠭᠯᠠᠬᠤ ᠳᠤ ᠦᠢᠯᠡᠳᠦᠯ ᠲᠠᠢ ᠠᠴᠠ ᠭᠠᠳᠠᠨ᠎ᠠ᠂ ᠪᠠᠰᠠ ᠡᠮ ᠤᠨ ᠬᠡᠷᠡᠭᠯᠡᠬᠦ ᠬᠡᠮᠵᠢᠶ᠎ᠡ ᠶᠢ | ᠬᠢᠵᠠᠭᠠᠷᠯᠠᠵᠤ᠂ ᠬᠥᠷᠥᠰᠥᠨ ᠤ ᠪᠣᠷᠳᠣᠭᠤᠷ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠷᠥᠰᠥᠨ ᠳᠣᠲᠣᠷᠠᠬᠢ ᠣᠷᠭᠠᠨᠢᠭ ᠪᠣᠳᠠᠰ ᠤᠨ ᠬᠡᠪ ᠤᠨ ᠡᠷᠭᠢᠯᠲᠡ ᠶᠢ | ᠠᠬᠢᠭᠤᠯᠵᠤ᠂ ᠨᠠᠮᠤᠷ ᠤᠨ ᠰᠡᠭᠦᠯᠴᠢ ᠶᠢᠨ ᠦᠯᠡᠳᠡᠭᠳᠡᠯ ᠪᠦᠷᠬᠦᠭᠦᠯ ᠢ ᠬᠤᠷᠢᠶᠠᠨ ᠠᠪᠬᠤ ᠳᠤ ᠠᠮᠠᠷᠬᠠᠨ ᠪᠣᠯᠭᠠᠨ᠎ᠠ ᠃ | ︽ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠬᠡᠷᠡᠭᠯᠡᠪᠡᠯ᠂ ᠨᠠᠮᠤᠷ ᠤᠨ ᠰᠡᠭᠦᠯᠴᠢ ᠶᠢᠨ ᠬᠤᠷᠢᠶᠠᠬᠤ ᠨᠣᠷᠮ᠎ᠠ 80% --90% ᠳᠤ | ᠬᠦᠷᠴᠦ᠂ ᠬᠥᠷᠥᠰᠥ ᠰᠢᠷᠣᠢ ᠶᠢᠨ ᠪᠣᠬᠢᠷᠳᠤᠯ ᠢ ᠪᠠᠭᠠᠰᠬᠠᠬᠤ ᠪᠣᠯᠣᠨ᠎ᠠ︾ ᠭᠡᠵᠦ ᠳ᠋ᠢᠩ ᠶᠦᠩ ᠴᠢᠶᠠᠩ ᠬᠡᠯᠡᠪᠡ᠃ | ᠣᠶᠢᠯᠠᠭᠠᠭᠰᠠᠨ ᠢᠶᠠᠷ᠂ ᠶᠡᠭᠡ ᠰᠢᠭᠡᠲᠡᠢ ᠪᠠᠯᠭᠠᠰᠤᠨ ᠳᠤ 45 ᠲᠦᠮᠡᠨ ᠮᠦ ᠲᠠᠷᠢᠶᠠᠨ ᠭᠠᠵᠠᠷ ᠲᠠᠢ᠂ ᠡᠨᠡ ᠵᠢᠯ ᠤᠨ ᠤᠯᠤᠰ ᠤᠨ ᠪᠠᠷᠢᠮᠵᠢᠶᠠᠲᠤ ᠰᠦᠯᠢᠶᠥᠦ | ᠪᠦᠷᠬᠦᠪᠴᠢ ᠶᠢᠨ ᠬᠡᠷᠡᠭᠯᠡᠯᠲᠡ ᠶᠢᠨ ᠨᠤᠷᠮ᠎ᠠ 86% ᠠᠴᠠ ᠳᠡᠭᠡᠭᠰᠢ ᠳᠤ ᠬᠦᠷᠴᠦ᠂ ᠤᠯᠠᠮ ᠠᠴᠠ ᠤᠯᠠᠮ ᠤᠯᠠᠨ ᠲᠠᠷᠢᠶᠠᠴᠢᠳ ᠰᠦᠯᠢᠶᠥᠦ ᠪᠦᠷᠬᠦᠪᠴᠢ ᠶᠢᠨ | ᠦᠯᠡᠳᠡᠭᠳᠡᠯ ᠤᠨ ᠬᠤᠣᠷ ᠬᠥᠨᠥᠭᠡᠯ ᠤᠨ ᠲᠤᠬᠠᠢ ᠲᠣᠳᠣᠷᠬᠠᠢ ᠲᠠᠨᠢᠯᠲᠠ ᠲᠠᠢ ᠪᠣᠯᠵᠤ᠂ ᠬᠠᠤᠯᠢ ᠳᠦᠷᠢᠮ ᠤᠨ ᠦᠵᠡᠯᠲᠡ ᠴᠦ ᠴᠢᠩᠭᠠᠷᠠᠵᠤ᠂ | ᠰᠠᠨᠠᠭᠠᠴᠢᠯᠠᠭ᠎ᠠ ᠠᠴᠠ ᠪᠠᠨ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠬᠡᠷᠡᠭᠯᠡᠵᠦ᠂ ᠲᠠᠷᠢᠶᠠᠨ ᠭᠠᠵᠠᠷ ᠤᠨ ᠴᠠᠭᠠᠨ ᠦᠩᠭᠡᠲᠡᠢ ᠪᠣᠬᠢᠷᠳᠤᠯ ᠢ ᠪᠠᠭᠠᠰᠬᠠᠬᠤ | ᠂ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ︕ | | | | | | | | | | | | | | | | | | | | | | | | | |