ᠤᠷᠠᠳ ᠤᠨ ᠡᠮᠦᠨᠡᠲᠦ ᠬᠤᠰᠢᠭᠤ 2022 ᠣᠨ ᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/6/2
      ᠡᠨᠡ ᠵᠢᠯ ᠤᠨ 6 ᠰᠠᠷ᠎ᠠ ᠪᠣᠯ 21 ᠳ᠋ᠦ᠋ᠭᠡᠷ ᠠᠶᠤᠯᠭᠦᠢ ᠦᠢᠯᠡᠳᠪᠦᠷᠢᠯᠡᠯ ᠤᠨ ᠰᠠᠷ᠎ᠠ ᠪᠣᠯᠣᠨ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠯᠢᠨ ᠬᠠᠢ ᠴᠡᠴᠡᠷᠯᠢᠭ ᠲᠤ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠵᠤ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠢ ᠰᠠᠶᠢᠲᠤᠷ ᠬᠠᠷᠢᠭᠤᠴᠠᠬᠤ︾ ᠪᠠᠷ ᠭᠤᠣᠯ ᠰᠡᠳᠦᠪ ᠪᠣᠯᠭᠠᠭᠰᠠᠨ 2022 ᠣᠨ ᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃

安全月1.jpg

     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠠᠷᠠᠨᠴᠡᠴᠡᠭ᠂ ᠵᠠᠰᠠᠭ ᠤᠨ

ᠣᠷᠳᠣᠨ ᠤ ᠳᠡᠳ᠋ ᠬᠤᠰᠢᠭᠤ ᠳᠠᠷᠤᠭ᠎ᠠ ᠼᠤᠤ ᠳ᠋ᠦᠩ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ

ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ 23 ᠨᠢᠭᠡᠴᠢ

ᠪᠣᠯᠣᠨ 13 ᠠᠵᠤ ᠠᠬᠤᠶᠢᠯᠠᠯ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

     ᠼᠤᠤ ᠳ᠋ᠦᠩ ᠳᠠᠶᠢᠴᠢᠯᠠᠯᠲᠠ ᠶᠢᠨ ᠶᠠᠷᠢᠶᠠᠨ ᠳᠠᠭᠠᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠪᠦᠬᠦ ᠬᠤᠲᠠ ᠶᠢᠨ ᠠᠷᠠᠳ ᠠᠶᠤᠯᠭᠦᠢ ᠦᠢᠯᠡᠳᠪᠦᠷᠢᠯᠡᠯ ᠤᠨ

ᠰᠠᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢᠶᠠᠷ ᠳᠡᠮᠵᠢᠨ᠂ ᠠᠮᠤᠷ ᠲᠦᠪᠰᠢᠨ ᠤ ᠮᠡᠳᠡᠯᠭᠡ ᠶᠢ

ᠲᠦᠭᠡᠮᠡᠯᠵᠢᠭᠦᠯᠵᠦ᠂ ᠠᠮᠤᠷ ᠲᠦᠪᠰᠢᠨ ᠤ ᠰᠣᠶᠣᠯ ᠢ ᠪᠠᠳᠠᠷᠠᠭᠤᠯᠵᠤ᠂ ᠠᠮᠤᠷ ᠲᠦᠪᠰᠢᠨ ᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠤᠷ

ᠲᠦᠪᠰᠢᠨ ᠤ ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠬᠥᠮᠥᠨ ᠪᠣᠯᠭᠠᠨ ᠠᠮᠤᠷ ᠲᠦᠪᠰᠢᠨ ᠢ ᠰᠤᠷᠤᠯᠴᠠᠬᠤ᠂ ᠠᠮᠤᠷ ᠲᠦᠪᠰᠢᠨ ᠢ ᠮᠡᠳᠡᠬᠦ᠂ ᠠᠮᠤᠷ

ᠲᠦᠪᠰᠢᠨ ᠢ ᠣᠶᠢᠯᠠᠭᠠᠬᠤ᠂ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠵᠤ᠂ ᠪᠣᠳᠠᠲᠠᠢ ᠠᠵᠢᠯᠯᠠᠭ᠎ᠠ ᠪᠠᠷ ᠢᠶᠠᠨ

ᠠᠮᠤᠷ ᠲᠦᠪᠰᠢᠨ ᠤ ᠦᠢᠯᠡᠰ ᠤᠨ ᠬᠥᠭᠵᠢᠯᠲᠡ ᠶᠢ ᠳᠡᠮᠵᠢᠵᠦ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ

ᠣᠷᠣᠯᠴᠠᠵᠤ᠂ ᠠᠶᠤᠯᠭᠦᠢ ᠦᠢᠯᠡᠳᠪᠦᠷᠢᠯᠡᠯ ᠤᠨ ᠤᠯᠠᠮᠵᠢᠯᠠᠭᠴᠢ᠂ ᠬᠤᠰᠢᠭᠤᠴᠢ ᠪᠠ ᠠᠰᠢᠭ ᠬᠦᠷᠲᠡᠭᠴᠢ ᠪᠣᠯᠵᠤ᠂ ᠬᠠᠤᠯᠢ ᠶᠣᠰᠣᠭᠠᠷ ᠬᠠᠤᠯᠢ ᠶᠢ ᠰᠠᠬᠢᠬᠤ᠂ ᠠᠮᠤᠷ

ᠲᠦᠪᠰᠢᠨ ᠢᠶᠠᠷ ᠬᠥᠭᠵᠢᠬᠦ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ

ᠡᠷᠡᠭᠦᠯ ᠪᠥᠭᠡᠳ ᠠᠮᠤᠷ ᠲᠦᠪᠰᠢᠨ ᠢᠶᠠᠷ ᠬᠥᠭᠵᠢᠬᠦ ᠶᠢ ᠠᠬᠢᠭᠤᠯᠤᠨ᠎ᠠ ᠭᠡᠪᠡ᠃

安全月2.jpg

     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠪᠣᠯᠣᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠠᠴᠠ ︽ᠠᠶᠤᠯᠭᠦᠢ ᠦᠢᠯᠡᠳᠪᠦᠷᠢᠯᠡᠯ ᠤᠨ ᠰᠠᠷ᠎ᠠ︾

 ᠶᠢᠨ ᠤᠬᠠᠭᠤᠯᠭ᠎ᠠ ᠶᠢᠨ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠲᠣᠰ ᠲᠣᠰ ᠲᠣᠬᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ ᠠᠶᠤᠯᠭᠦᠢ

ᠦᠢᠯᠡᠳᠪᠦᠷᠢᠯᠡᠯ ᠤᠨ ᠰᠠᠷ᠎ᠠ ᠶᠢᠨ ᠰᠦᠯᠵᠢᠶᠡᠨ ᠳᠡᠭᠡᠷᠡᠬᠢ ᠨᠢᠭᠡᠳᠦᠭᠡᠷ ᠪᠦᠯᠦᠭ ᠤᠨ ᠱᠠᠩᠨᠠᠯ ᠣᠯᠣᠭᠰᠠᠨ ᠠᠵᠠ ᠲᠠᠢ ᠰᠡᠳᠦᠪ ᠬᠠᠷᠢᠭᠤᠯᠤᠭᠴᠢ ᠳᠤ ᠪᠡᠯᠡᠭ ᠬᠦᠷᠭᠡᠪᠡ᠃

ᠠᠵᠢᠯᠯᠠᠭ᠎ᠠ ᠳᠤ ᠣᠷᠣᠯᠴᠠᠭᠰᠠᠨ ᠪᠥᠬᠦ ᠬᠥᠮᠥᠰ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠳᠡᠭᠡᠷ᠎ᠡ

ᠭᠠᠷ ᠤᠨ ᠥᠰᠥᠭ  ᠢᠶᠠᠨ ᠵᠢᠷᠤᠪᠠ᠃

     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠡᠰᠡᠭ ᠨᠢᠭᠡᠴᠢ ᠪᠠᠰᠠ ᠦᠵᠡᠭᠦᠯᠦᠯᠭᠡ ᠶᠢᠨ ᠲᠣᠭᠤᠷᠢᠭ ᠪᠠ ᠯᠠᠪᠯᠠᠯᠲᠠ ᠶᠢᠨ ᠲᠠᠪᠴᠠᠩ ᠭᠠᠷᠭᠠᠵᠤ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶ᠎ᠠ ᠪᠦᠬᠦᠢ ᠮᠡᠳᠡᠯᠭᠡ ᠶᠢᠨ ᠯᠠᠪᠯᠠᠭ᠎ᠠ

ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃

安全月3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ