ᠤᠷᠠᠳ ᠤᠨ ᠡᠮᠦᠨᠡᠲᠦ ᠬᠤᠰᠢᠭᠤ 2022 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢᠳ ᠤᠨ ᠬᠤᠷᠠᠯ ᠵᠢᠴᠢ ᠤᠶᠤᠨ ᠤ ᠪᠣᠯᠪᠠᠰᠤᠨ ᠤ ᠵᠥᠪᠯᠡᠯ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/2
     5 ᠰᠠᠷ᠎ᠠ ᠶᠢᠨ 31 ᠤ ᠡᠳᠦᠷ᠂ ᠤᠷᠠᠳ ᠤᠨ ᠡᠮᠦᠨᠡᠲᠦ ᠬᠤᠰᠢᠭᠤ 2022 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢᠳ ᠤᠨ ᠬᠤᠷᠠᠯ ᠵᠢᠴᠢ ᠣᠶᠤᠨ ᠤ ᠪᠣᠯᠪᠠᠰᠤᠨ ᠤ ᠵᠥᠪᠯᠡᠯ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢ ᠰᠤᠶᠤᠯᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠬᠤᠸᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃     ᠬᠤᠰᠢᠭᠤᠨ ᠤ ᠤᠳᠤᠷᠢᠳᠤᠯᠭ᠎ᠠ ᠬᠤᠤ ᠮᠢᠨ᠂  ᠪᠠᠶᠠᠨᠪᠢᠯᠢᠭ᠌᠂ ᠪᠠᠢ ᠸᠧᠨ ᠯᠢᠶᠠᠩ ᠵᠢᠴᠢ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠳᠠᠷᠤᠭ᠎ᠠ ᠪᠣᠯᠣᠨ ᠡᠯ᠎ᠡ ᠰᠤᠮᠤ ᠪᠠᠯᠭᠠᠰᠤᠨ ᠤ ᠤᠬᠠᠭᠤᠯᠬᠤ ᠭᠡᠰᠢᠭᠦᠨ ᠬᠤᠷᠠᠯ ᠳᠤ ᠣᠷᠣᠯᠴᠠᠵᠠᠢ᠃

新时代文明1.jpg

 

   ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ ᠲᠥᠪ ᠤᠨ ᠪᠠ ᠥᠪᠡᠷᠲᠡᠭᠡᠨ ᠵᠠᠰᠠᠬᠤ

ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠠᠵᠢᠯ ᠤᠨ ᠲᠧᠯᠸᠢᠰ ᠬᠤᠷᠠᠯ ᠤᠨ ᠵᠣᠷᠢᠭ

ᠰᠠᠨᠠᠭ᠎ᠠ ᠶᠢ ᠤᠯᠠᠮᠵᠢᠯᠠᠪᠠ᠃ ᠮᠤᠨᠠ ᠠᠭᠤᠯᠠ ᠪᠠᠯᠭᠠᠰᠤ᠂  ᠰᠤᠳᠠᠯ ᠤᠨ ᠬᠤᠤᠳᠤᠭ ᠪᠠᠯᠭᠠᠰᠤ᠂ ᠬᠤᠰᠢᠭᠤᠨ ᠤ ᠰᠣᠶᠣᠯ ᠷᠠᠳᠢᠣ᠋ ᠲᠧᠯᠸᠢᠰ ᠤᠨ ᠲᠣᠪᠴᠢᠶ᠎ᠠ ᠪᠠ

ᠬᠤᠰᠢᠭᠤᠨ ᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠶᠢᠨ ᠪᠦᠲᠦᠭᠡᠨ

ᠪᠠᠶᠢᠭᠤᠯᠤᠯᠲᠠ ᠶᠢᠨ ᠪᠠᠶᠢᠳᠠᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ

ᠶᠠᠷᠢᠶ᠎ᠠ ᠲᠠᠯᠪᠢᠪᠠ᠃

    ᠯᠢ ᠬᠤᠸᠠᠨ ᠶᠠᠷᠢᠶ᠎ᠠ ᠲᠠᠯᠪᠢᠬᠤ ᠳᠠᠭᠠᠨ ᠡᠮᠦᠨ᠎ᠡ ᠨᠢᠭᠡ ᠬᠤᠭᠤᠴᠠᠭᠠᠨ ᠤ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ

ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠨᠤᠲᠠᠯᠠᠪᠠ᠃ ᠲᠠᠷᠠᠭᠠᠴᠢ ᠶᠢᠨ ᠠᠯᠬᠤᠮ ᠳᠤ ᠲᠥᠪ᠂ ᠭᠠᠵᠠᠷ᠂ ᠥᠷᠲᠡᠭᠡ ᠶᠢᠨ ᠪᠦᠲᠦᠭᠡᠨ

ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠴᠢᠷᠮᠠᠶᠢᠨ

ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠠᠩ ᠰᠠᠶᠢᠲᠤᠷ ᠵᠣᠷᠢᠭᠵᠢᠭᠤᠯᠤᠨ ᠳᠠᠶᠢᠴᠢᠯᠠᠵᠤ ᠪᠠᠶᠢᠭᠠᠳ ᠰᠢᠨ᠎ᠡ ᠠᠶᠠᠨ ᠵᠠᠮ ᠳᠤ ᠡᠷᠡᠯᠬᠡᠭᠯᠡᠨ

ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃

新时代文明2.jpg

 

       ᠰᠤᠶᠤᠯᠲᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠳᠤ ᠵᠥᠪ ᠢᠶᠠᠷ

ᠬᠠᠨᠳᠤᠵᠤ᠂ ᠰᠠᠶᠢᠨ ᠳᠤᠷ᠎ᠠ ᠶᠢᠨ ᠦᠢᠯᠡᠴᠢᠯᠡᠭᠡ ᠭᠡᠬᠦ ᠡᠨᠡᠬᠦ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂

ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠨᠡᠨᠬᠦ ᠠᠬᠢᠭᠤᠯᠬᠤ

ᠬᠡᠷᠡᠭᠲᠡᠢ ᠭᠡᠵᠦ ᠴᠢᠬᠤᠯᠠᠴᠢᠯᠠᠪᠠ᠃ ᠠᠷᠭ᠎ᠠ ᠬᠡᠮᠵᠢᠶ᠎ᠡ ᠶᠢᠨ ᠲᠠᠯ᠎ᠠ ᠪᠠᠷ ᠭᠤᠣᠯᠳᠠᠯᠭ᠎ᠠ ᠶᠢ ᠡᠵᠡᠮᠳᠡᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠰᠢᠭᠤᠨ ᠤ

ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠠᠭᠤᠰᠤᠯᠴᠠᠭᠤᠯᠤᠨ᠂

ᠥᠷᠭᠡᠨ ᠣᠯᠠᠨ ᠲᠦᠮᠡᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠣᠷᠳᠣ ᠬᠤᠭᠤᠴᠠᠭᠠᠨ ᠳᠤ ᠠᠰᠢᠭᠲᠠᠢ ᠪᠠᠶᠢᠩᠭᠤ ᠶᠢᠨ ᠠᠵᠢᠯ ᠤᠨ ᠲᠣᠭᠲᠠᠴᠠ ᠶᠢ ᠪᠣᠶ

ᠪᠣᠯᠭᠠᠵᠤ᠂ ᠪᠥᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠳᠤ

ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ

ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠦᠢᠯᠡᠳᠦᠯ ᠢ ᠪᠦᠲᠦᠮᠵᠢᠲᠡᠶ  ᠪᠠᠳᠠᠷᠠᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠲᠠᠯ᠎ᠠ ᠪᠠᠷ ᠨᠠᠶᠢᠳᠠᠪᠤᠷᠢᠵᠢᠭᠤᠯᠵᠤ᠂

ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠡᠯ᠎ᠡ

ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠥᠩᠭᠡ ᠪᠦᠷᠢ ᠶᠢᠨ ᠴᠡᠴᠡᠭ ᠵᠡᠷᠭᠡ ᠪᠠᠷ ᠳᠡᠯᠭᠡᠷᠡᠬᠦ

ᠪᠣᠯᠪᠠᠰᠤᠨ ᠤ ᠦᠢᠯᠡᠳᠦᠯᠭᠡ ᠶᠢᠨ ᠠᠮᠢᠳᠤᠯᠢᠭ ᠪᠠᠶᠢᠳᠠᠯ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ  ᠬᠤᠷᠠᠯ ᠤᠨ ᠠᠮᠵᠢᠯᠲᠠ

 ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃

     ᠬᠤᠤ ᠮᠢᠨ ᠪᠦᠬᠦ ᠬᠤᠰᠢᠭᠤᠨ ᠤ 2022 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ

ᠲᠤᠬᠠᠢ ᠪᠠᠶᠢᠷᠢᠯᠠᠭᠤᠯᠤᠯᠲᠠ ᠬᠢᠵᠡᠢ᠃ ᠡᠯ᠎ᠡ ᠰᠤᠮᠤ ᠪᠠᠯᠭᠠᠰᠤ᠂ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡᠬᠦ

ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠤᠨ ᠶᠠᠰᠤ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠢᠨ᠎ᠡ ᠴᠠᠭ

ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠯ᠎ᠡ ᠵᠦᠢᠯ ᠤᠨ ᠪᠣᠳᠠᠲᠠᠢ ᠠᠵᠢᠯ ᠢ ᠭᠦᠨᠵᠡᠭᠡᠢ᠂ ᠨᠠᠷᠢᠯᠢᠭ᠂ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂

ᠪᠣᠳᠠᠲᠠᠢ ᠦᠷ᠎ᠡ ᠪᠦᠲᠦᠮᠵᠢ ᠭᠠᠷᠭᠠᠵᠤ᠂ ᠪᠥᠬᠦ ᠬᠤᠰᠢᠭᠤᠨ ᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ᠂ ᠰᠢᠨ᠎ᠡ ᠬᠤᠪᠢ ᠨᠡᠮᠡᠷᠢ

ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃

新时代文明3.jpg

      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠠᠰᠠ ᠣᠷᠳᠣᠰ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ

ᠨᠡᠶᠢᠲᠡᠯᠢᠭ ᠲᠤᠷᠰᠢᠯᠭ᠎ᠠ ᠪᠠᠨ ᠬᠤᠪᠢᠶᠠᠯᠴᠠᠭᠰᠠᠨ ᠸᠢᠳᠢᠤ᠋ ᠶᠢ ᠦᠵᠡᠪᠡ᠃

 

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ