ᠡᠷᠡᠭᠲᠡᠢ ᠡᠮᠡᠭᠲᠡᠢ ᠣᠯᠠᠨ ᠲᠠᠯ᠎ᠠ ᠪᠠᠷ ᠠᠳᠠᠯᠢ ᠪᠤᠰᠤ ᠪᠠᠶᠢᠳᠠᠭ ᠢᠶᠠᠷ ᠢᠶᠠᠨ ᠬᠦᠮᠦᠰ ᠤᠨ ᠵᠣᠭᠤᠭ ᠪᠣᠯᠲᠠᠭ᠃ ᠪᠡᠶ᠎ᠡ | ᠪᠡᠶᠡᠰ ᠤᠨ ᠵᠶ᠋ᠡᠨᠲ᠋ᠠᠪᠠᠭᠤᠯᠢᠭᠪᠤᠯᠤᠨᠨᠠᠵᠠᠭᠠᠢ ᠪᠠᠨ ᠰᠠᠶᠢᠨ ᠣᠶᠢᠯᠠᠭᠠᠵᠤ ᠴᠢᠳᠠᠪᠠᠯ ᠰᠠᠶ᠋ᠢ ᠪᠦᠬᠦᠯᠢ ᠴᠣᠭᠴᠠ ᠶᠢᠨ ᠳᠠᠪᠠᠭᠤᠯᠢᠭ ᠢ ᠨᠡᠩ ᠰᠠᠶᠢᠨ ᠪᠠᠳᠠᠷᠠᠭᠤᠯᠵᠤ | ᠴᠢᠳᠠᠨ᠎ᠠ᠃ ᠣᠶᠢᠷ᠎ᠠ ᠳᠤ ᠠᠮᠧᠷᠢᠺᠠ ᠶᠢᠨ ︽ᠶᠡᠭᠡ ᠬᠤᠲᠠ︾ ᠰᠡᠳᠬᠦᠯ ᠵᠣᠬᠢᠶᠠᠯ ᠨᠡᠶᠢᠲᠡᠯᠡᠵᠦ᠂ ᠰᠤᠳᠤᠯᠭᠠᠨ ᠢᠶᠠᠷ ᠳᠠᠮᠵᠢᠨ᠂ ᠡᠮᠡᠭᠲᠡᠢ ᠬᠦᠮᠦᠨ ᠤ 10 ᠤᠴᠢᠷ | ᠳᠡᠭᠡᠷᠡᠬᠢ ᠢᠯᠡᠷᠡᠯ ᠨᠢ ᠡᠷᠡᠭᠲᠡᠶᠢᠴᠦᠳ ᠠᠴᠠ ᠨᠡᠩ ᠭᠠᠷᠮᠠᠭᠠᠢ ᠭᠡᠳᠡᠭ ᠢ ᠢᠯᠡᠷᠡᠭᠦᠯᠵᠡᠢ᠂ ᠲᠡᠷᠡ ᠮᠦᠷᠲᠡᠭᠡᠨ ᠵᠠᠷᠢᠮ ᠨᠢ ᠲᠠᠨ ᠤ ᠰᠠᠨᠠᠭ᠎ᠠ ᠵᠡᠭᠦᠳᠦᠨ ᠳᠤ ᠣᠷᠤᠬᠤ | ᠦᠭᠡᠢ ᠵᠦᠢᠯᠡᠰ ᠪᠣᠯᠣᠨ᠎ᠠ᠃ | 1. ᠲᠡᠷᠭᠡ ᠵᠢᠯᠣᠭᠤᠳᠬᠤ᠃ ᠪᠢᠳᠡ ᠦᠷᠭᠦᠯᠵᠢ ︽ᠡᠮᠡᠭᠲᠡᠢ ᠵᠢᠯᠣᠭᠤᠴᠢ︾ ᠭᠡᠵᠦ ᠱᠣᠭᠯᠠᠨ᠂ ᠡ᠊ᠨᠳᠡᠯ ᠭᠠᠷᠭᠠᠭᠰᠠᠨᠵᠢᠯᠣᠭᠤᠴᠢ ᠶᠢᠨ ᠣᠯᠠᠩᠬᠢ ᠨᠢ ᠡᠮᠡᠭᠲᠡᠢ | ᠭᠡᠳᠡᠭ︔ ᠡᠮᠡᠭᠲᠡᠢ ᠵᠢᠯᠣᠭᠤᠴᠢ ᠲᠠᠢ ᠬᠠᠷᠢᠴᠠᠭᠤᠯᠪᠠᠯ᠂ ᠡᠷᠡᠭᠲᠡᠢ ᠵᠢᠯᠣᠭᠤᠴᠢ ᠶᠢᠨ ᠬᠤᠷᠴᠠᠯᠢᠭ ᠴᠢᠳᠠᠪᠤᠷᠢ᠂ ᠬᠤᠷᠳᠤᠴᠠ ᠶᠢ ᠮᠠᠭᠠᠳᠯᠠᠬᠤ ᠪᠠ ᠲᠡᠷᠭᠡ ᠶᠢ | ᠡᠵᠡᠮᠳᠡᠬᠦ ᠲᠠᠯ᠎ᠠ ᠤᠨ ᠴᠢᠳᠠᠪᠤᠷᠢ ᠪᠠᠷ ᠪᠦᠷ ᠵᠣᠬᠢᠬᠤ ᠳᠠᠪᠠᠭᠤᠯᠢᠭ ᠲᠠᠢ᠃ ᠭᠡᠪᠡᠴᠦ ᠠᠩᠭ᠍ᠯᠢ ᠶᠢᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ 97% ᠶᠢᠨ | ᠵᠠᠮ ᠤᠨ ᠡ᠊ᠨᠳᠡᠯ ᠤᠨ ᠵᠢᠯᠣᠭᠤᠴᠢ ᠨᠢ ᠪᠦᠷ ᠡᠷᠡᠭᠲᠡᠢ ᠪᠠᠶᠢᠳᠠᠭ᠃ ᠣᠯᠠᠩᠬᠢ ᠡᠷᠡᠭᠲᠡᠢ ᠵᠢᠯᠣᠭᠤᠴᠢ ᠲᠡᠷᠭᠡ ᠵᠢᠯᠣᠭᠤᠳᠬᠤ ᠮᠡᠷᠭᠡᠵᠢᠯ ᠳᠤ ᠪᠠᠨ ᠡᠷᠳᠦᠵᠦ ᠬᠠᠭᠤᠳᠠᠮ | ᠬᠠᠨᠳᠤᠳᠠᠭ ᠪᠠᠶᠢᠬᠤ ᠳᠤ ᠬᠠᠷᠢᠨ ᠡᠮᠡᠭᠲᠡᠢ ᠵᠢᠯᠣᠭᠤᠴᠢ ᠪᠤᠯ ᠨᠡᠩ ᠨᠢᠮᠪᠠᠢ᠂ ᠨᠡᠩ ᠪᠣᠯᠭᠤᠮᠵᠢᠲᠠᠢ᠂ ᠨᠡᠩ ᠰᠢᠮᠡᠲᠡᠢ ᠪᠣᠯᠬᠤᠷ ᠲᠡᠷᠭᠡ ᠵᠢᠯᠣᠭᠤᠳᠬᠤ ᠨᠢ ᠨᠡᠩ ᠠᠮᠤᠷ | ᠲᠦᠪᠰᠢᠨ ᠪᠠᠶᠢᠳᠠᠭ᠃ | 2.ᠬᠡᠯᠡᠯᠴᠡᠭᠡ ᠬᠢᠬᠦ᠃ ᠢᠰᠷᠧᠯ ᠤᠨ ᠲᠧᠯ ᠠᠸᠢᠪ ᠶᠡᠭᠡ ᠰᠤᠷᠭᠠᠭᠤᠯᠢ ︵Tel Aviv University︶ ᠶᠢᠨ ᠰᠤᠳᠤᠯᠭᠠᠲᠠᠨ ᠤ ᠢᠯᠡᠷᠡᠭᠦᠯᠦᠭᠰᠡᠨ ᠢᠶᠠᠷ᠂ | ᠡᠷᠡᠭᠲᠡᠶᠢᠴᠦᠳ ᠲᠠᠢ ᠬᠠᠷᠢᠴᠠᠭᠤᠯᠪᠠᠯ ᠡᠮᠡᠭᠲᠡᠢ ᠬᠦᠮᠦᠨ ᠨᠡᠩ ᠨᠠᠷᠢᠯᠢᠭ᠂ ᠰᠣᠷᠭᠤᠭ ᠪᠠᠶᠢᠵᠤ᠂ ᠬᠡᠯᠡᠯᠴᠡᠭᠡ ᠬᠢᠬᠦ ᠪᠠ ᠬᠤᠳᠠᠯᠳᠤᠭᠠᠨ ᠤ ᠬᠠᠮᠲᠤᠷᠠᠯᠴᠠᠭ᠎ᠠ ᠬᠢᠬᠦ | ᠲᠠᠯ᠎ᠠ ᠪᠠᠷ ᠨᠡᠩ ᠭᠠᠷᠮᠠᠭᠠᠢ ᠪᠠᠶᠢᠵᠤ᠂ ᠬᠠᠮᠲᠤ ᠪᠠᠷ ᠠᠰᠢᠭ ᠬᠦᠷᠲᠡᠬᠦ ᠪᠠᠶᠢᠳᠠᠯ ᠢ ᠡᠭᠦᠳᠦᠨ ᠪᠦᠲᠦᠭᠡᠬᠦ ᠳᠤ ᠨᠡᠩ ᠴᠢᠳᠠᠮᠠᠭᠠᠢ ᠪᠠᠶᠢᠳᠠᠭ ᠭᠡᠵᠡᠢ᠃ | 3᠂ ᠡᠳ᠋ ᠮᠦᠩᠭᠦ ᠲᠤᠲᠤᠮᠳᠠᠬᠤ᠃ ᠡᠷᠡᠭᠲᠡᠶᠢᠴᠦᠳ ᠲᠠᠢ ᠬᠠᠷᠢᠴᠠᠭᠤᠯᠪᠠᠯ᠂ ᠡᠮᠡᠭᠲᠡᠢ ᠬᠦᠮᠦᠨ ᠡᠳ᠋ ᠮᠦᠩᠭᠦ ᠲᠤᠲᠤᠮᠳᠠᠬᠤ ᠲᠠᠯ᠎ᠠ ᠪᠠᠷ ᠲᠥᠷᠥᠯᠬᠢ ᠶᠢᠨ | ᠳᠠᠪᠠᠭᠤᠯᠢᠭ ᠲᠠᠯ᠎ᠠ ᠲᠠᠢ᠃ ᠶᠠᠭᠤᠨ ᠤ ᠤᠷᠢᠳ᠂ ᠡᠮᠡᠭᠲᠡᠢ ᠬᠦᠮᠦᠨ ᠠᠮᠢᠳᠤᠷᠠᠯ ᠳᠤ ᠨᠡᠩ ᠰᠡᠷᠭᠡᠭ᠂ ᠴᠠᠭ ᠲᠤ ᠪᠠᠨ ᠲᠣᠭᠠᠴᠠᠭᠠᠨ ᠤ ᠬᠠᠭᠤᠳᠠᠰᠤ ᠪᠠᠨ | ᠲᠦᠯᠦᠪᠦᠷᠢᠯᠡᠬᠦ ᠶᠢ ᠨᠡᠩ ᠰᠠᠶᠢᠨ ᠪᠡᠶᠡᠯᠡᠭᠦᠯᠵᠦ᠂ ᠬᠠᠳᠠᠭᠠᠯᠠᠬᠤ ᠲᠠᠯ᠎ᠠ ᠪᠠᠷ ᠨᠡᠩ ᠴᠢᠳᠠᠮᠠᠭᠠᠢ ᠪᠠᠶᠢᠳᠠᠭ᠃ ᠳᠠᠷᠠᠭ᠎ᠠ ᠨᠢ᠂ ᠡᠮᠡᠭᠲᠡᠢ ᠬᠦᠮᠦᠨ ᠨᠡᠩ ᠬᠡᠪᠰᠢᠮᠡᠯ | ᠪᠠᠶᠢᠵᠤ᠂ ᠳᠡᠮᠡᠢ ᠬᠥᠭᠡᠷᠦᠦ ᠪᠠᠷ ᠠᠷᠠᠯᠵᠢᠶ᠎ᠠ ᠬᠢᠳᠡᠭ ᠦᠭᠡᠢ᠃ ᠡᠭᠦᠨ ᠠᠴᠠ ᠭᠠᠳᠠᠨ᠎ᠠ᠂ ᠡᠮᠡᠭᠲᠡᠢ ᠬᠦᠮᠦᠨ ᠦᠪᠡᠷ ᠤᠨ ᠤᠷᠮ᠎ᠠ ᠰᠡᠳᠬᠢᠯᠭᠡ ᠪᠠᠨ | ᠲᠣᠬᠢᠷᠠᠭᠤᠯᠬᠤ ᠳᠤ ᠨᠡᠩ ᠴᠢᠳᠠᠮᠠᠭᠠᠢ ᠪᠠᠶᠢᠳᠠᠭ᠃ ᠲᠡᠳᠡᠨᠤᠭᠤᠷᠢᠯ ᠪᠦᠳᠦᠷᠢᠯ ᠳᠤ ᠤᠴᠠᠷᠠᠭᠰᠠᠨ ᠦᠶ᠎ᠡ ᠳᠤ ᠡᠷᠡᠭᠲᠡᠢ ᠬᠦᠮᠦᠨ ᠠᠴᠠ ᠨᠡᠩ ᠯᠠᠪᠳᠠᠭᠤᠨ | ᠤᠬᠠᠭᠠᠯᠢᠭ ᠪᠠᠶᠢᠳᠠᠭ᠃ | 4.ᠢᠨᠠᠭ ᠳᠤᠷᠠᠯᠠᠯ᠃ ᠰᠤᠳᠤᠯᠭᠠᠨ ᠢᠯᠡᠷᠡᠭᠦᠯᠦᠭᠰᠡᠨ ᠨᠢ᠂ ᠮᠠᠰᠢ ᠣᠯᠠᠨ ᠡᠷᠡᠭᠲᠡᠶᠢᠴᠦᠳ ᠲᠤᠭᠤᠭᠰᠠᠨ ᠬᠦᠮᠤᠨᠲ᠋ᠠᠢ ᠪᠠᠨ ᠨᠢᠭᠡ ᠤᠳᠠᠭ᠎ᠠ ᠪᠣᠯᠵᠣᠮᠠᠭᠴᠠ | ᠶᠠᠭᠤ ᠪᠦᠬᠦᠨ ᠢ ᠬᠠᠶᠢᠬᠤᠷᠤᠯ ᠦᠭᠡᠢ ᠪᠠᠷ ᠬᠠᠶᠢᠷ᠎ᠠ ᠭᠠᠯ ᠨᠢ ᠲᠦᠷᠡᠯᠵᠡᠳᠡᠭ᠂ᠭᠡᠲᠡᠯ᠎ᠡ ᠡᠮᠡᠭᠲᠡᠢ ᠬᠦᠮᠦᠨ ᠠᠳᠠᠭ ᠪᠠᠭ᠎ᠠ ᠳᠠᠭᠠᠨ 6 ᠤᠳᠠᠭ᠎ᠠ ᠪᠣᠯᠵᠤᠵᠤ | ᠦᠩᠭᠡᠷᠡᠭᠰᠡᠨ ᠤ ᠳᠠᠷᠠᠭ᠎ᠠ ᠰᠠᠶ᠋ᠢ ᠨᠦᠭᠦᠭᠡ ᠡᠲᠡᠭᠡᠳ ᠢᠶᠠᠷ ᠨᠠᠰᠤᠨ ᠤ ᠬᠠᠨᠢ ᠪᠠᠨ ᠪᠣᠯᠭᠠᠬᠤ ᠡᠰᠡᠬᠦ ᠶᠢ ᠲᠣᠭᠲᠠᠭᠠᠳᠠᠭ᠃ ᠵᠠᠯᠠᠭᠤ ᠡᠷᠡᠭᠲᠡᠶᠢᠴᠦᠳ ᠤᠨ ᠣᠯᠠᠩᠬᠢ ᠨᠢ | ᠬᠠᠷᠠᠭᠠᠨ ᠰᠡᠷᠡᠯ ᠳᠤ ᠶᠡᠭᠡ ᠨᠥᠯᠥᠭᠡᠯᠡᠭᠳᠡᠳᠡᠭ᠂ ᠲᠡᠳᠡ ᠠᠩᠬᠠᠳᠤᠭᠠᠷ ᠤᠳᠠᠭ᠎ᠠ ᠪᠣᠯᠵᠣᠬᠤ ᠳᠤ ᠪᠠᠨ ᠶᠡᠷᠦ ᠠᠴᠠ ᠨᠦᠭᠦᠭᠡ ᠡᠲᠡᠭᠡᠳ ᠤᠨ ᠢᠶᠠᠨ ᠭᠠᠳᠠᠷ ᠳᠥᠷᠬᠦ ᠶᠢ | ᠢᠯᠡᠭᠦᠦ ᠠᠩᠬᠠᠷᠳᠠᠭ ᠪᠣᠯ ᠡᠮᠡᠭᠲᠡᠢ ᠬᠦᠮᠦᠨ ᠬᠠᠷᠢᠨ ᠬᠠᠷᠢᠴᠠᠭ᠎ᠠ ᠪᠠᠨ ᠲᠣᠭᠲᠠᠬᠤ ᠡᠴᠠᠡᠮᠦᠨᠡ ᠶᠡᠷᠦᠩᠬᠡᠶᠢᠯᠡᠨ ᠪᠣᠳᠣᠯᠬᠢᠯᠠᠳᠠᠭ᠃ | 5. ᠲᠦᠭᠰᠢᠭᠦᠷᠢ ᠶᠢ ᠰᠢᠢᠳᠪᠦᠷᠢᠯᠡᠬᠦ᠃ ᠯᠠᠪᠳᠠᠭᠤᠨ ᠪᠣᠯᠭᠤᠮᠵᠢᠲᠠᠢ᠂ ᠡᠷᠡᠰ ᠰᠢᠭᠤᠷᠬᠠᠢ ᠨᠢ ᠭᠠᠭᠴᠠ ᠡᠷᠡᠭᠲᠡᠢ ᠬᠦᠮᠦᠨ ᠳᠤ ᠯᠡ ᠪᠠᠶᠢᠳᠠᠭ ᠪᠢᠰᠢ᠂ | ᠡᠮᠡᠭᠲᠡᠶᠢᠴᠦᠳ ᠲᠦᠭᠰᠢᠭᠦᠷᠢ ᠳᠤ ᠤᠴᠠᠷᠠᠬᠤ ᠳᠤ ᠪᠠᠨ ᠯᠠᠪᠳᠠᠭᠤᠨ ᠪᠣᠯᠭᠤᠮᠵᠢᠲᠠᠢ ᠪᠠᠶᠢᠬᠤ ᠶᠢ ᠨᠡᠩ ᠰᠠᠶᠢᠨ ᠪᠠᠲᠤᠯᠠᠵᠤ ᠴᠢᠳᠠᠳᠠᠭ᠃ ᠬᠡᠷᠪᠡ ᠡᠮᠡᠭᠲᠡᠢ | ᠤᠳᠤᠷᠢᠳᠤᠯᠭ᠎ᠠ ᠬᠠᠷᠠᠯᠲᠠ ᠪᠠᠨ ᠲᠣᠳᠣᠷᠬᠠᠢ ᠪᠠᠶᠢᠯᠭᠠᠵᠤ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠭᠠᠪᠠᠯ᠂ ᠠᠵᠤ ᠠᠬᠤᠶᠢᠯᠠᠯ ᠤᠨ ᠬᠢᠮᠤᠷᠠᠯ ᠪᠠ ᠨᠤᠭᠤᠷᠠᠯ | ᠪᠦᠳᠦᠷᠢᠯ ᠢ ᠲᠤᠭᠤᠯᠬᠤ ᠳᠤ ᠬᠠᠪᠰᠤᠷᠤᠮᠵᠢ ᠪᠣᠯᠳᠠᠭ᠃ | 6. ᠨᠦᠬᠦᠷᠯᠡᠬᠦ᠃ ᠡᠷᠡᠭᠲᠡᠶᠢᠴᠦᠳ ᠲᠠᠢ ᠬᠠᠷᠢᠴᠠᠭᠤᠯᠪᠠᠯ ᠡᠮᠡᠭᠲᠡᠢ ᠬᠦᠮᠦᠨ ᠡᠶᠡᠯᠳᠡᠭ ᠵᠦᠭᠡᠯᠡᠨ᠂ ᠬᠦᠮᠦᠨ ᠢ ᠬᠠᠷᠠᠭᠠᠯᠵᠠᠵᠤ ᠬᠠᠯᠠᠮᠵᠢᠯᠠᠬᠤ ᠳᠤ ᠪᠠᠨ ᠰᠠᠶᠢᠨ | ᠤᠴᠢᠷ ᠠᠴᠠ ᠲᠡᠳᠡ ᠨᠡᠩ ᠬᠢᠯᠪᠠᠷᠬᠠᠨ ᠬᠦᠮᠦᠨ ᠲᠠᠢ ᠨᠦᠬᠦᠷᠯᠡᠳᠡᠭ ᠮᠦᠷᠲᠡᠭᠡᠨᠨᠦ᠋ᠬᠦᠷᠯᠡᠯ ᠢᠶᠠᠨ ᠪᠠᠲᠤᠯᠠᠵᠤ ᠴᠢᠳᠠᠳᠠᠭ᠃ ᠠᠩᠭ᠍ᠯᠢ ᠶᠢᠨ ᠮᠠᠨᠴᠧᠰᠲ᠋ᠧᠷ ᠶᠡᠭᠡ | ᠰᠤᠷᠭᠠᠭᠤᠯᠢ ︵The University ofManchester︶ ᠵᠢᠨᠨᠡᠶᠢᠭᠡᠮ ᠦᠨᠤᠬᠠᠭᠠᠨᠲᠠᠨ ᠤ ᠢᠯᠡᠷᠡᠭᠦᠯᠦᠭᠰᠡᠨ ᠢᠶᠠᠷ᠂ ᠡᠮᠡᠭᠲᠡᠢ ᠬᠦᠮᠦᠨ ᠡᠷᠡᠭᠲᠡᠢ | ᠬᠦᠮᠦᠨ ᠠᠴᠠ ᠨᠡᠩ ᠬᠢᠯᠪᠠᠷᠬᠠᠨ ᠢᠶᠠᠷ ᠭᠦᠨ ᠵᠤᠵᠠᠭᠠᠨ ᠨᠦᠬᠦᠷᠯᠡᠯ ᠲᠠᠢ ᠪᠣᠯᠵᠤ᠂ ᠨᠡᠩ ᠳᠤᠷᠠᠲᠠᠢ ᠪᠠᠷ ᠬᠠᠶᠢᠷ᠎ᠠ ᠶᠢᠨ ᠲᠥᠯᠥᠭᠡ ᠵᠣᠷᠢᠭᠤᠯᠳᠠᠭ᠃ᠡᠷᠡᠭᠲᠡᠢ ᠬᠦᠮᠦᠨ | ᠣᠯᠵᠤ ᠠᠯᠳᠠᠬᠤ ᠪᠠᠨ ᠪᠣᠳᠣᠵᠤ ᠪᠠᠶᠢᠭ᠎ᠠ ᠦᠶ᠎ᠡ ᠳᠤ᠂ ᠡᠮᠡᠭᠲᠡᠢ ᠬᠦᠮᠦᠨ ᠨᠢᠭᠡᠨᠲᠡ ᠬᠠᠨᠢ ᠨᠦᠬᠦᠷ ᠲᠠᠢ ᠪᠠᠨᠵᠢᠷᠭᠠᠯ ᠵᠣᠪᠠᠯᠠᠩ ᠢᠶᠠᠨ ᠬᠠᠮᠲᠤᠳᠬᠠᠬᠤ ᠪᠠᠨ | ᠰᠢᠢᠳᠴᠢᠭᠡᠳᠡᠭ᠃ | 7. ᠡᠪᠡᠳᠴᠢᠯᠡᠵᠦ ᠪᠠᠶᠢᠲᠠᠯ᠎ᠠ ᠠᠵᠢᠯᠯᠠᠬᠤ᠃ ᠨᠢᠭᠡᠨ ᠪᠠᠶᠢᠴᠠᠭᠠᠯᠲᠠ ᠶᠢ ᠦᠨᠳᠦᠰᠦᠯᠡᠪᠡᠯ᠂ ᠪᠠᠷᠤᠭ 1/3 ᠵᠢᠨᠡᠮᠡᠭᠲᠡᠢ ᠦᠪᠡᠷ ᠤᠨ ᠪᠡᠶ᠎ᠡ ᠵᠢᠨᠡᠪᠡᠳᠬᠦ ᠶᠢ | ᠲᠡᠰᠪᠤᠷᠢᠯᠡᠬᠦ ᠴᠢᠳᠠᠪᠤᠷᠢ ᠮᠠᠰᠢ ᠴᠢᠩᠭ᠎ᠠ ᠭᠡᠵᠦ ᠢᠯᠡᠷᠬᠡᠶᠢᠯᠡᠵᠡᠢ᠂ ᠡᠨᠡ ᠬᠦ ᠬᠠᠷᠢᠴᠠᠯ ᠨᠢ ᠡᠷᠡᠭᠲᠡᠢ ᠬᠦᠮᠦᠨ ᠠᠴᠠ ᠬᠤᠯᠠ ᠦᠨᠳᠦᠷ ᠪᠠᠶᠢᠨ᠎ᠠ᠃ ᠪᠠᠰᠠ ᠨᠢᠭᠡᠨ | ᠰᠤᠳᠤᠯᠭᠠᠨ ᠠᠴᠠ ᠦᠵᠡᠪᠡᠯ᠂ ᠡᠮᠡᠭᠲᠡᠶᠢᠴᠦᠳ ᠤᠨ ᠪᠡᠶ᠎ᠡ ᠳᠠᠬᠢ ᠡᠮ᠎ᠡ ᠬᠤᠷᠮᠣᠨ ᠨᠢ ᠡᠮᠡᠭᠲᠡᠢ ᠬᠦᠮᠦᠨ ᠢ ᠨᠡᠩ ᠴᠢᠩᠭ᠎ᠠ ᠦᠯᠦ ᠬᠠᠯᠳᠠᠭᠠᠬᠤ ᠰᠢᠰᠲ᠋ᠧᠮ ᠲᠠᠢ | ᠪᠣᠯᠭᠠᠳᠠᠭ᠃ ᠡᠨᠡ ᠨᠢ ᠳᠠᠷᠤᠢ ᠬᠢᠮᠤᠷᠠᠬᠤ ᠳᠤ ᠶᠠᠭᠠᠬᠢᠭᠠᠳ ᠡᠮᠡᠭᠲᠡᠢ ᠬᠦᠮᠦᠨ ᠦᠨᠳᠤᠷ ᠦᠰᠦᠭᠡᠢ ᠲᠠᠢ ᠭᠤᠲᠤᠯ ᠡᠮᠦᠰᠴᠦ ᠦᠷᠭᠦᠯᠵᠢᠯᠡᠨ ᠠᠵᠢᠯᠯᠠᠵᠤ ᠪᠠᠶᠢᠲᠠᠯ᠎ᠠ | ᠡᠷᠡᠭᠲᠡᠶᠢᠴᠦᠳᠲ᠋ᠠᠮᠢᠷᠲᠠᠨ ᠶᠣᠣᠯᠠᠳᠠᠭ ᠤᠨ ᠤᠴᠢᠷ ᠪᠢᠯᠡ᠃ | 8. ᠴᠡᠭᠡᠵᠢᠯᠡᠬᠦ ᠴᠢᠳᠠᠪᠤᠷᠢ᠃ ᠰᠸᠧᠳᠧᠨ ᠤ ᠰᠡᠳᠬᠢᠴᠡ ᠶᠢᠨ ᠰᠢᠨᠵᠢᠯᠡᠬᠦ ᠤᠬᠠᠭᠠᠨᠲᠠᠨ ᠤ ᠰᠤᠳᠤᠯᠭᠠᠨ ᠳᠤ ᠢᠯᠡᠷᠡᠭᠦᠯᠦᠭᠰᠡᠨ ᠨᠢ᠂ ᠳᠠᠩ ᠦᠭᠡᠰ᠂ | ᠪᠤᠳᠠᠰ᠂ ᠵᠢᠷᠤᠭ ᠪᠠ ᠡᠳᠦᠷ ᠳᠣᠲᠣᠮ ᠤᠨ ᠬᠡᠷᠡᠭ ᠤᠴᠢᠷ ᠢ ᠴᠡᠭᠡᠵᠢᠯᠡᠬᠦ ᠲᠠᠯ᠎ᠠ ᠪᠠᠷ ᠡᠮᠡᠭᠲᠡᠶᠢᠴᠦᠳ ᠶᠡᠷᠦ ᠨᠢ ᠨᠡᠩ ᠰᠠᠶᠢᠨ ᠴᠡᠭᠡᠵᠢᠯᠡᠬᠦ ᠴᠢᠳᠠᠪᠤᠷᠢ ᠲᠠᠢ ᠪᠠᠶᠢᠳᠠᠭ | ᠃ ᠬᠡᠥᠬᠡᠳ ᠨᠠᠰᠤᠨ ᠠᠴᠠ ᠡᠬᠢᠯᠡᠨ ᠡᠮᠡᠭᠲᠡᠢ ᠬᠦᠮᠦᠨ ᠦᠭᠡ ᠴᠡᠭᠡᠵᠢᠯᠡᠬᠦ ᠳᠡᠭᠡᠷ᠎ᠡ ᠡᠷᠡᠭᠲᠡᠶᠢᠴᠦᠳ ᠠᠴᠠ ᠳᠠᠪᠠᠭᠤᠯᠢᠭ ᠪᠠᠶᠢᠵᠤ᠂ ᠴᠢᠨᠠᠭᠰᠢᠯᠠᠪᠠᠯ ᠣᠯᠠᠨ ᠵᠢᠯ ᠤᠨ | ᠡᠮᠦᠨ᠎ᠡ ᠲᠡᠭᠦᠨ ᠳᠤ ᠬᠡᠯᠡᠭᠰᠡᠨ ᠶᠠᠮᠠᠷ ᠴᠦ ᠴᠢᠬᠤᠯᠠ ᠪᠢᠰᠢ ᠦᠭᠡ ᠶᠢ ᠴᠦ ᠴᠡᠭᠡᠵᠢᠯᠡᠵᠦ ᠪᠠᠶᠢᠳᠠᠭ᠃ | 9. ᠠᠭᠤᠳᠠᠮᠴᠢ᠃ ᠵᠤᠯ ᠵᠢᠷᠭᠠᠯ ᠡᠪ ᠨᠠᠶᠢᠷᠲᠠᠢ ᠤᠷᠤᠭ ᠬᠤᠷᠢᠮ ᠨᠢ ᠡᠮᠡᠭᠲᠡᠢ ᠬᠦᠮᠦᠨ ᠤ ᠠᠭᠤᠳᠠᠮ ᠪᠠᠭᠲᠠᠭᠠᠮᠵᠢᠲᠠᠢ ᠤᠬᠠᠭᠠᠯᠢᠭ ᠠᠴᠠ ᠰᠠᠯᠵᠤ ᠴᠢᠳᠠᠬᠤ | ᠦᠭᠡᠢ᠃ ᠢᠰᠫᠠᠨᠢ ᠶᠢᠨ ᠪᠠᠰᠺ ᠤᠯᠤᠰ ᠤᠨ ᠶᠡᠭᠡ ᠰᠤᠷᠭᠠᠭᠤᠯᠢ ᠶᠢᠨ ᠰᠤᠳᠤᠯᠭᠠᠨ ᠳᠤ᠂ᠡᠮᠡᠭᠲᠡᠢ ᠬᠦᠮᠦᠨ ᠡᠷᠡᠭᠲᠡᠢ ᠬᠦᠮᠦᠨ ᠡᠴᠡᠨᠡᠩ ᠠᠭᠤᠳᠠᠮᠴᠢ ᠮᠦᠷᠲᠡᠭᠡᠨ | ᠨᠡᠩ ᠢᠯᠡᠭᠦᠦ ᠦᠷᠦᠪᠴᠢᠬᠡᠨ ᠰᠡᠳᠬᠢᠯ ᠲᠠᠢ ᠭᠡᠳᠡᠭ ᠢ ᠢᠯᠡᠷᠡᠭᠦᠯᠵᠡᠢ᠃ | 10.ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠬᠡᠷᠡᠭᠯᠡᠬᠦ ᠳᠤ ᠪᠠᠨ ᠨᠡᠩ ᠴᠢᠳᠠᠮᠠᠭᠠᠢ᠃ ᠠᠮᠧᠷᠢᠺᠠ ᠶᠢᠨ ᠫᠢᠸᠤ᠋ᠰᠤᠳᠤᠯᠭᠠᠨ ᠤ ᠲᠥᠪ ︵Pew | Research Center︶ ᠤᠨ ᠮᠡᠳᠡᠭᠦᠯᠦᠭᠰᠡᠨ ︽ᠲᠣᠣᠷ ᠰᠦᠯᠵᠢᠶ᠎ᠡ ᠬᠢᠭᠡᠳ ᠬᠦᠮᠦᠰ ᠤᠨ ᠠᠮᠢᠳᠤᠷᠠᠯ︾ ᠳᠤ᠂ ᠬᠡᠷᠪᠡ ᠡᠮᠡᠭᠲᠡᠶᠢᠴᠦᠳ Twitter᠂ | facebook ᠵᠡᠷᠭᠡ ᠪᠠᠨ ᠰᠢᠨᠡᠴᠢᠯᠡᠬᠦ ᠦᠭᠡᠢᠶᠤᠮ ᠪᠣᠯ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠴᠤᠭ ᠵᠢᠪᠬᠤᠭ᠎ᠠ ᠪᠠᠨ ᠠᠯᠳᠠᠨ᠎ᠠ ᠭᠡᠵᠡᠢ᠃ | ᠬᠤᠯᠪᠣᠭᠳᠠᠯ ᠪᠦᠬᠦᠢ ᠪᠦᠷᠢᠳᠬᠡᠯ ᠢ ᠦᠨᠳᠦᠰᠦᠯᠡᠪᠡᠯ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠬᠡᠷᠡᠭᠯᠡᠭᠴᠢ ᠶᠢᠨ ᠬᠠᠭᠠᠰ ᠠᠴᠠ ᠳᠡᠭᠡᠭᠰᠢᠬᠢ ᠨᠢ | ᠡᠮᠡᠭᠲᠡᠢ ᠪᠠᠶᠢᠵᠤ᠂ ᠡᠳᠦᠷ ᠪᠣᠯᠭᠠᠨ 48% ᠶᠢᠨ ᠡᠮᠡᠭᠲᠡᠢ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠬᠡᠷᠡᠭᠯᠡᠳᠡᠭ᠂ᠭᠡᠲᠡᠯ᠎ᠡ ᠡᠷᠡᠭᠲᠡᠢ ᠵᠦᠪᠬᠡᠨ 38% | ᠪᠠᠶᠢᠳᠠᠭ᠃ | |