ᠰᠤᠷᠪᠤᠯᠵᠢᠯᠠᠭᠴᠢ ᠥᠨᠦᠬᠡᠨ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠤᠯᠤᠰ ᠳᠡᠯᠡᠬᠡᠢ ᠶᠢᠨ ᠬᠡᠪᠴᠢᠶ᠎ᠡ ᠪᠠᠷ | ᠬᠠᠮᠤᠭ ᠤᠨ ᠶᠡᠭᠡ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠤᠬᠠᠶᠢᠯᠠᠭᠰᠠᠨ ᠠᠵᠢᠯ ᠮᠡᠷᠭᠡᠵᠢᠯ ᠤᠨ | ᠰᠤᠷᠭᠠᠭᠤᠯᠢ ᠨᠡᠶᠢᠲᠡ ᠲᠦᠮᠡ 1200 ᠂ ᠰᠤᠷᠤᠭᠴᠢ 2915 ᠲᠦᠮᠡ ᠢᠯᠡᠬᠦᠦ ᠪᠤᠯᠪᠠ᠃ ᠳᠤᠮᠳᠠ ᠵᠡᠷᠭᠡ ᠶᠢᠨ ᠲᠤᠬᠠᠶᠢᠯᠠᠭᠰᠠᠨ ᠠᠵᠢᠯ ᠮᠡᠷᠭᠡᠵᠢᠯ ᠤᠨ | ᠰᠤᠷᠭᠠᠭᠤᠯᠢ ᠵᠢᠯ ᠪᠦᠷᠢ 1000 ᠲᠦᠮᠡ ᠣᠷᠴᠢᠮ ᠥᠨᠳᠥᠷ ᠬᠡᠪ ᠴᠢᠨᠠᠷ ᠲᠠᠢ᠂ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠵᠦ᠂ | ᠳᠡᠭᠡᠳᠦ ᠵᠡᠷᠭᠡ ᠶᠢᠨ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠨᠢ 3 ᠵᠢᠯ ᠳᠤ ᠨᠡᠶᠢᠲᠡ 413.3 ᠲᠦᠮᠡᠨ ᠬᠥᠮᠥᠨ ᠢ ᠥᠷᠭᠡᠳᠬᠡᠨ ᠡᠯᠰᠡᠵᠦ᠂ | ᠲᠦᠮᠡ ᠭᠠᠷᠤᠢ ᠠᠵᠢᠯ ᠮᠡᠷᠭᠡᠵᠢᠯ ᠤᠨ ᠰᠤᠷᠭᠠᠭᠤᠯᠢ ᠵᠢᠯ ᠪᠦᠷᠢ ᠡᠯ᠎ᠡ ᠲᠥᠷᠥᠯ ᠤᠨ ᠪᠣᠯᠪᠠᠰᠤᠷᠠᠯ ᠢ ᠳ᠋ᠦᠩᠰᠢᠭᠤᠷ ᠭᠠᠷᠤᠢ ᠤᠳᠠᠭ᠎ᠠ ᠥᠷᠨᠢᠭᠦᠯᠵᠦ ᠪᠠᠶᠢᠨ᠎ᠠ | ᠃ | ᠪᠦᠷᠢᠳᠬᠡᠯ ᠠᠴᠠ ᠦᠵᠡᠪᠡᠯ᠂ 10 ᠵᠢᠯ ᠤᠨ ᠲᠤᠷᠰᠢ᠂ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠳᠤ ᠬᠤᠶᠠᠷ | ᠤᠳᠠᠭ᠎ᠠ ᠲᠣᠬᠢᠷᠠᠭᠤᠯᠤᠯᠲᠠ ᠬᠢᠬᠦ ᠪᠠᠷ ᠳᠡᠮᠵᠢᠨ᠂ ᠰᠢᠨᠡᠳᠬᠡᠭᠰᠡᠨ ᠬᠡᠮᠵᠢᠶ᠎ᠡ ᠨᠢ 70% ᠶᠢ ᠳᠠᠪᠠᠵᠠᠢ᠃ ᠣᠳᠣᠬᠠᠨ ᠳᠤ᠂ ᠪᠥᠬᠦ ᠤᠯᠤᠰ ᠤᠨ ᠲᠤᠬᠠᠶᠢᠯᠠᠭᠰᠠᠨ | ᠠᠵᠢᠯ ᠮᠡᠷᠭᠡᠵᠢᠯ ᠤᠨ ᠰᠤᠷᠭᠠᠭᠤᠯᠢ ᠳᠤ ᠨᠡᠶᠢᠲᠡ 1300 ᠭᠠᠷᠤᠢ ᠲᠤᠰᠬᠠᠢ ᠮᠡᠷᠭᠡᠵᠢᠯ ᠪᠠ 12 ᠭᠠᠷᠤᠢ ᠲᠦᠮᠡᠨ ᠲᠤᠰᠬᠠᠢ ᠮᠡᠷᠭᠡᠵᠢᠯ ᠤᠨ ᠴᠡᠭ ᠭᠠᠷᠭᠠᠵᠤ᠂ | ᠤᠯᠤᠰ ᠠᠷᠠᠳ ᠤᠨ ᠠᠵᠤ ᠠᠬᠤᠢ ᠶᠢᠨ ᠡᠯ᠎ᠡ ᠬᠦᠷᠢᠶ᠎ᠡ ᠶᠢ ᠦᠨᠳᠦᠰᠦᠨ ᠳᠡᠭᠡᠨ ᠬᠠᠮᠤᠷᠴᠤ᠂ ᠮᠠᠨ ᠤ ᠤᠯᠤᠰ ᠤᠨ ᠪᠥᠬᠦ ᠳᠡᠯᠡᠬᠡᠢ ᠳᠤ ᠴᠣᠷ ᠤᠨ ᠭᠠᠭᠴᠠ ᠪᠥᠬᠦ | ᠠᠵᠤ ᠦᠢᠯᠡᠳᠪᠦᠷᠢ ᠶᠢᠨ ᠲᠥᠷᠥᠯ ᠵᠦᠢᠯ ᠲᠠᠢ ᠤᠯᠤᠰ ᠪᠣᠯᠬᠤ ᠳᠤ ᠬᠦᠴᠦᠲᠡᠢ ᠪᠠᠳᠦ ᠳᠣᠯᠭᠠᠭᠤᠷᠢ ᠪᠣᠯᠵᠤ ᠪᠠᠶᠢᠨ᠎ᠠ᠃ |