ᠲᠡᠷᠭᠡ  ᠬᠢᠮᠳᠠᠷᠠᠨ᠎ᠠ ︕ ᠭᠠᠶᠢᠯᠢ  ᠬᠠᠭᠠᠰ ᠢᠶᠠᠷ ᠬᠠᠰᠤᠭᠳᠠᠨ᠎ᠠ
ᠨᠡᠶᠢᠲᠡᠯᠡᠭᠰᠡᠨ ᠴᠠᠭ᠄
2022/6/2
     ᠡᠳ᠋ ᠤᠨ ᠵᠠᠰᠠᠭ ᠤᠨ  ᠶᠠᠮᠤᠨ᠂  ᠤᠯᠤᠰ ᠤᠨ  ᠭᠠᠶᠢᠯᠢ ᠶᠢᠨ  ᠶᠠᠪᠤᠳᠠᠯ ᠤᠨ  ᠶᠡᠷᠦᠩᠬᠡᠶ  ᠲᠣᠪᠴᠢᠶ᠎ᠠ  ᠬᠠᠮᠳᠤᠷᠠᠨ 5 ᠰᠠᠷ᠎ᠠ ᠶᠢᠨ 31 ᠤ ᠡᠳᠦᠷ ︽ᠬᠡᠰᠡᠭ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠲᠠᠲᠠᠪᠤᠷᠢ ᠶᠢ  ᠬᠦᠩᠭᠡᠷᠡᠬᠦᠯᠬᠦ ᠲᠤᠬᠠᠶ‌ᠠᠯᠪᠠᠨ ᠵᠠᠷ︾ ᠨᠡᠶᠢᠲᠡᠯᠡᠪᠡ᠃ ᠠᠭᠤᠯᠭ᠎ᠠ ᠨᠢ ᠳᠣᠣᠷᠠᠬᠢ ᠮᠡᠲᠦ ᠄              ᠬᠤᠳᠠᠯᠳᠤᠨ ᠠᠪᠬᠤ ᠡᠳᠦᠷ ᠬᠤᠭᠤᠴᠠᠭ᠎ᠠ ᠶᠢ 2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠮᠥᠷᠲᠡᠭᠡᠨ ᠳ᠋ᠠᠩ ᠲᠡᠷᠭᠡᠨ ᠤ ᠦᠨ᠎ᠡ ︵ᠥᠷᠲᠡᠭ ᠨᠡᠮᠡᠭᠳᠡᠯ ᠤᠨ ᠭᠠᠶᠢᠯᠢ ᠪᠠᠭᠲᠠᠬᠤ ᠥᠬᠡᠶ︶ ᠨᠢ 30 ᠲᠦᠮᠡᠨ ᠲᠥᠭᠦᠷᠢᠭ ᠤᠨ 2 . 0 ᠯᠢᠲᠷ ᠵᠢᠴᠢ  ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶᠡᠨ ᠤ ᠰᠠᠭᠤᠳᠠᠯ ᠤᠨ ᠮᠠᠰᠢᠨ ᠤ ᠲᠡᠷᠭᠡ ᠬᠥᠰᠬᠡ ᠬᠤᠳᠠᠯᠳᠤᠨ ᠠᠪᠬᠤ  ᠭᠠᠶᠢᠯᠢ ᠵᠢ‌ᠬᠠᠭᠠᠰ ᠢᠶᠠᠷ ᠲᠠᠲᠠᠪᠤᠷᠢᠯᠠᠨ᠎ᠠ᠃ ᠲᠤᠰ ᠠᠯᠪᠠᠨ ᠵᠠᠷ ᠲᠤ ᠬᠡᠯᠡᠵᠦ ᠪᠠᠶᠢᠭ᠎ᠠ ᠰᠠᠭᠤᠳᠠᠯ ᠤᠨ ᠲᠡᠷᠭᠡ ᠭᠡᠳᠡᠭ ᠪᠣᠯ ᠵᠢᠷᠤᠵᠤ ᠲᠥᠯᠥᠪᠯᠡᠬᠦ᠂ ᠦᠢᠯᠡᠳᠬᠦ ᠪᠠ ᠮᠡᠷᠭᠡᠵᠢᠯ ᠤᠨ ᠣᠨᠴᠠᠯᠢᠭ ᠰᠢᠨᠵᠢ ᠶᠢᠨ ᠲᠠᠯ᠎ᠠ ᠪᠠᠷ ᠭᠤᠣᠯᠳᠠᠭᠤ ᠠᠶᠠᠨᠴᠢᠳ ᠵᠢᠴᠢ ᠲᠡᠭᠦᠨ ᠤ  ᠪᠡᠶ᠎ᠡ ᠳᠡᠭᠡᠨ ᠠᠪᠴᠤ ᠶᠠᠪᠤᠭ᠎ᠠ ᠪᠣᠭᠤᠳᠠᠯ ᠪᠠᠭᠯᠠᠭ᠎ᠠ ᠪᠣᠯᠤᠨ ᠲᠦᠷ ᠴᠠᠭ ᠤᠨ ᠡᠳ᠋  ᠪᠣᠳᠠᠰ ᠢ ᠲᠡᠭᠡᠭᠡᠪᠦᠷᠢᠯᠡᠬᠦ ᠳᠤ ᠬᠡᠷᠡᠭᠯᠡᠬᠦ᠂  ᠵᠢᠯᠣᠭᠤᠴᠢ ᠶᠢᠨ ᠰᠠᠭᠤᠳᠠᠯ ᠢ ᠪᠠᠭᠲᠠᠭᠠᠭᠰᠠᠨ ᠬᠠᠮᠤᠭ ᠤᠯᠠᠨ ᠳᠠᠭᠠᠨ 9 ᠰᠠᠭᠤᠳᠠᠯ ᠠᠴᠠ ᠬᠡᠲᠦᠷᠡᠬᠦ ᠦᠭᠡᠢ ᠮᠠᠰᠢᠨ ᠲᠡᠷᠭᠡ ᠶᠢ ᠵᠢᠭᠠᠵᠤ ᠪᠠᠶᠢᠨ᠎ᠠ᠃ ᠲᠤᠰ ᠠᠯᠪᠠᠨ ᠵᠠᠷ ᠲᠤ ᠬᠡᠯᠡᠵᠦ ᠪᠠᠶᠢᠭ᠎ᠠ ᠳ᠋ᠠᠩ ᠲᠡᠷᠭᠡᠨ ᠤ ᠦᠨ᠎ᠡ ᠬᠠᠩᠰᠢ ᠶᠢ ᠲᠡᠷᠭᠡ ᠬᠥᠰᠬᠡ  ᠬᠤᠳᠠᠯᠳᠤᠨ ᠠᠪᠤᠭᠰᠠᠨ ᠭᠠᠶᠢᠯᠢ ᠲᠤᠰᠢᠶᠠᠬᠤ ᠶᠣᠰᠣᠲᠠᠢ ᠲᠡᠷᠭᠡ ᠬᠥᠰᠬᠡ ᠶᠢᠨ ᠭᠠᠶᠢᠯᠢ ᠪᠤᠳᠤᠬᠤ ᠦᠨ᠎ᠡ ᠪᠠᠷ ᠪᠠᠷᠢᠮᠵᠢᠶ᠎ᠠ ᠪᠣᠯᠭᠠᠨ᠎ᠠ᠃ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠭᠰᠠᠨ ᠡᠳᠦᠷ ᠬᠤᠭᠤᠴᠠᠭ᠎ᠠ ᠶᠢ ᠮᠠᠰᠢᠨᠲᠤ ᠲᠡᠷᠭᠡ  ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ ᠪᠤᠶᠤ ᠪᠣᠭᠤᠮᠲᠠ ᠶᠢᠨ ᠭᠠᠶᠢᠯᠢ ᠶᠢᠨ ᠵᠣᠭᠤᠰ ᠲᠤᠰᠢᠶᠠᠬᠤ ᠲᠤᠰᠬᠠᠶ ᠪᠢᠴᠢᠭ ᠵᠡᠷᠭᠡ ᠬᠦᠴᠦᠨ ᠲᠠᠢ ᠭᠡᠷᠡᠴᠢ ᠪᠠᠷᠢᠮᠲᠠ ᠶᠢ ᠬᠢᠵᠦ ᠥᠭᠭᠦᠭᠰᠡᠨ ᠡᠳᠦᠷ ᠬᠤᠭᠤᠴᠠᠭ᠎ᠠ ᠪᠠᠷ ᠲᠣᠭᠲᠠᠭᠠᠨ᠎ᠠ᠃ ᠰᠠᠭᠤᠳᠠᠯ ᠤᠨ ᠮᠠᠰᠢᠨ ᠤ ᠬᠡᠢ ᠭᠠᠳᠠᠭᠰᠢᠯᠠᠭᠤᠯᠬᠤ ᠬᠡᠮᠵᠢᠶ᠎ᠡ᠂ ᠰᠠᠭᠤᠳᠠᠯ ᠤᠨ  ᠲᠤᠭ᠎ᠠ ᠶᠢ  ︽ᠪᠦᠭᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠰᠢᠨᠲᠤ ᠲᠡᠷᠭᠡᠨ ᠤ ᠪᠦᠬᠦᠯᠢ ᠲᠡᠷᠭᠡ ᠶᠢᠨ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ‌ᠦᠨᠡᠮᠯᠡᠯ︾ ᠤᠨ ᠡᠯᠧᠺᠲᠷᠤᠨ ᠮᠡᠳᠡᠭᠡ ᠵᠠᠩᠭᠢ ᠪᠤᠶᠤ  ᠭᠠᠳᠠᠭᠠᠳᠤ ᠠᠴᠠ ᠣᠷᠣᠭᠤᠯᠤᠭᠰᠠᠨ  ᠮᠠᠰᠢᠨᠲᠤ  ᠲᠡᠷᠭᠡ ᠶᠢᠨ  ︽ᠲᠡᠷᠭᠡ ᠬᠥᠰᠬᠡ ᠶᠢᠨ ᠡᠯᠧᠺᠲᠷᠤᠨ  ᠮᠡᠳᠡᠭᠡ  ᠵᠠᠩᠭᠢ ᠶᠢᠨ  ᠬᠠᠭᠤᠳᠠᠰᠤ︾ ᠵᠢᠨ‌ᠡᠯᠧᠺᠲᠷᠤᠨ  ᠮᠡᠳᠡᠭᠡ  ᠵᠠᠩᠭᠢ ᠳᠤ ᠲᠡᠮᠳᠡᠭᠯᠡᠭᠰᠡᠨ ᠬᠡᠢ ᠭᠠᠳᠠᠭᠰᠢᠯᠠᠭᠤᠯᠬᠤ ᠬᠡᠮᠵᠢᠶ᠎ᠡ᠂ ᠨᠣᠷᠮ᠎ᠠ ᠲᠣᠭᠲᠠᠭᠠᠭᠰᠠᠨ ᠠᠶᠠᠨᠴᠢᠳ ︵ᠬᠥᠮᠦᠨ︶ ᠤᠨ ᠲᠤᠭ᠎ᠠ ᠶᠣᠰᠣᠭᠠᠷ ᠲᠣᠭᠲᠠᠭᠠᠨ᠎ᠠ᠃
ᠢᠷᠡᠯᠲᠡ᠄ ᠠᠷᠠᠳ ᠤᠨ ᠰᠦᠯᠵᠢᠶ᠎ᠡ