ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ︽ᠢᠯᠵᠠᠷᠠᠬᠤ ᠠᠴᠠ ᠵᠢᠷᠦᠬᠡᠰᠢᠶᠡᠬᠦ ᠢᠯᠵᠠᠷᠠᠵᠤ ᠪᠣᠯᠬᠤ ᠦᠭᠡᠢ ᠢᠯᠵᠠᠷᠠᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ ᠤᠳᠠᠭᠠᠨ ᠳᠠᠭᠠᠭᠠᠮᠠᠭᠠᠢ ᠲᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/6/20
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 18 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 17 ᠤ ᠦᠳᠡ ᠶᠢᠨ ᠬᠤᠶᠢᠨ᠎ᠠ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠲᠤᠬᠠᠢ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠢᠯᠵᠠᠷᠠᠯ ᠢ ᠡᠰᠡᠷᠭᠦᠴᠡᠬᠦ ᠲᠡᠮᠡᠴᠡᠯ ᠪᠣᠯ ᠠᠷᠠᠳ ᠤᠨ ᠰᠡᠳᠭᠢᠯ ᠭᠡᠬᠦ ᠡᠨᠡ ᠬᠦ ᠬᠠᠮᠤᠭ ᠤᠨ ᠶᠡᠭᠡ ᠤᠯᠤᠰ ᠲᠥᠷᠥ ᠲᠠᠢ ᠬᠤᠯᠪᠤᠭᠳᠠᠬᠤ᠂ ᠨᠢᠭᠡ ᠤᠳᠠᠭᠠᠨ ᠤ ᠢᠯᠠᠭᠳᠠᠵᠤ ᠪᠣᠯᠤᠰᠢ ᠦᠭᠡᠶ ᠪᠥᠭᠡᠳ ᠶᠠᠭᠠᠬᠢᠭᠰᠡᠨ ᠴᠤ ᠢᠯᠠᠭᠳᠠᠵᠤ ᠪᠣᠯᠬᠤ ᠦᠭᠡᠶ ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠮᠥᠨ᠃ ᠰᠢᠨ᠎ᠡ ᠪᠠᠶᠢᠳᠠᠯ ᠳᠣᠣᠷᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠢ ᠬᠢᠨᠠᠨ ᠬᠠᠮᠢᠶᠠᠷᠬᠤ ᠲᠠᠰᠤᠭ ᠤᠨ ᠡᠷᠬᠢᠯᠡᠭᠴᠢ ᠯᠢᠦ ᠮᠧᠶ ᠫᠢᠨ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠦᠷᠨᠢᠭᠦᠯᠵᠡᠢ᠃      ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠮᠳᠠ ᠬᠥᠮᠤᠵᠢᠬᠦᠯᠦᠭᠰᠡᠨ ᠢᠯᠡ ᠲᠣᠳᠣ ᠵᠠᠩ ᠰᠤᠷᠲᠡᠯ ᠪᠣᠯᠤᠨ᠎ᠠ᠃ ᠡᠯ᠎ᠡ ᠲᠡᠦᠬᠡᠨ ᠴᠠᠭ ᠦᠶ᠎ᠡ ᠳᠤ᠂ ᠮᠠᠨ ᠤ ᠨᠠᠮ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠪᠠᠷᠢᠮᠲᠠᠯᠠᠪᠠ᠃ ᠰᠢᠨ᠎ᠡ ᠴᠠᠭ ᠦᠶ᠎ᠡ ᠳᠤ ᠤᠷᠤᠬᠰᠠᠨ ᠤ ᠲᠠᠷᠠᠭ᠎ᠠ᠂ ᠪᠢᠳᠠ ᠢᠯᠵᠠᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠲᠦᠰᠢᠭᠯᠡᠨ ᠲᠡᠦᠬᠡ ᠶᠢᠨ ᠦᠶᠡᠯᠡᠯ ᠠᠴᠠ ᠮᠤᠯᠲᠤᠷᠠᠭᠰᠡᠨ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠪᠡ᠃ ᠨᠠᠮ ᠤᠷᠢᠳ ᠡᠮᠦᠨ᠎ᠡ ᠪᠠᠶᠢᠭ᠎ᠠ ᠦᠭᠡᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠡᠴᠡᠯ ᠢᠶᠠᠷ ᠳᠠᠮᠵᠢᠭᠤᠯᠤᠨ᠂ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠲᠤᠯᠠᠬᠤ᠂ ᠠᠷᠠᠳ ᠲᠦᠮᠡᠨ ᠴᠢᠩ ᠰᠡᠳᠭᠢᠯ ᠠᠴᠠ ᠪᠠᠨ ᠬᠦᠷᠢᠶᠡᠯᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠪᠦᠬᠦ ᠨᠠᠮ ᠤᠨ ᠳᠡᠭᠡᠳᠦ ᠬᠡᠮᠵᠢᠶᠡᠨ ᠤ ᠪᠦᠯᠬᠦᠮᠳᠡᠯ ᠨᠢᠭᠡᠳᠦᠯ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ᠂ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠤᠭᠰᠠᠨ ᠪᠠᠶᠢᠨ᠎ᠠ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠢᠯᠵᠠᠷᠡᠯ ᠢ ᠡᠰᠡᠷᠭᠦᠴᠡᠬᠦ ᠲᠡᠮᠡᠴᠡᠯ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠲᠤᠷᠰᠢᠯᠭ᠎ᠠ ᠬᠤᠷᠠᠮᠳᠤᠭᠤᠯᠵᠠᠢ᠃ ᠨᠢᠭᠡ ᠳᠤ᠂ ᠨᠠᠮ ᠤᠨ ᠪᠦᠬᠦ ᠲᠠᠯ᠎ᠠ ᠪᠠᠷ ᠤᠳᠤᠷᠢᠳᠤᠭᠰᠠᠨ ᠢᠯᠵᠠᠷᠡᠯ ᠢ ᠡᠰᠡᠷᠭᠦᠴᠡᠬᠦ ᠠᠵᠢᠯ ᠤᠨ ᠪᠠᠶᠢᠷᠢᠰᠢᠯ ᠢ ᠪᠠᠶᠢᠭᠤᠯᠵᠤ᠂ ᠨᠠᠮ ᠤᠨ ᠲᠥᠪ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠭᠰᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠣᠬᠢᠶᠠᠨ ᠪᠠᠶᠢᠭᠤᠯᠤᠨ ᠵᠣᠬᠢᠴᠠᠭᠤᠯᠤᠭᠰᠠᠨ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠷᠠᠳ ᠤᠯᠠᠨ ᠣᠷᠣᠯᠴᠠᠨ ᠳᠡᠮᠵᠢᠭᠰᠡᠨ ᠢᠯᠵᠠᠷᠡᠯ ᠢ ᠡᠰᠡᠷᠭᠦᠴᠡᠬᠦ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠪᠡ᠃ ᠬᠤᠶᠠᠷ ᠲᠤ᠂ ᠦᠡᠭᠭᠡᠨ ᠲᠠᠯ᠎ᠠ ᠠᠴᠠ ᠨᠢ ᠵᠠᠰᠠᠬᠤ ᠠᠴᠠ ᠭᠠᠷᠳᠠᠵᠤ᠂ ᠦᠨᠳᠦᠰᠦᠨ ᠠᠴᠠ ᠨᠢ ᠵᠠᠰᠠᠬᠤ ᠶᠢ ᠦᠡᠭᠭᠡᠨ ᠲᠠᠯ᠎ᠠ ᠠᠴᠠ ᠨᠢ ᠵᠠᠰᠠᠬᠤ ᠲᠤᠮᠳᠠ ᠠᠭᠤᠰᠬᠠᠵᠤ᠂ ᠨᠠᠮ ᠤᠨ ᠭᠡᠰᠢᠭᠦᠨ ᠺᠠᠳ᠋ᠷᠴᠤᠳ ᠢ ᠪᠢᠰᠢᠷᠡᠨ ᠡᠮᠢᠶᠡᠬᠦ ᠠᠴᠠ ᠪᠤᠯᠵᠤ ︽ᠵᠢᠷᠦᠬᠡᠰᠢᠶᠡᠬᠦ︾᠂ ᠲᠦᠷᠢᠮ ᠪᠠᠶᠢᠬᠤ ᠠᠴᠠ ᠪᠤᠯᠵᠤ ︽ᠪᠤᠯᠬᠤ ᠦᠭᠡᠢ︾᠂ ᠤᠬᠠᠮᠰᠠᠷ ᠲᠠᠢ ᠠᠴᠠ ᠪᠤᠯᠵᠤ ︽ᠪᠤᠳᠤᠬᠤ ᠦᠭᠡᠢ︾ ᠪᠤᠯᠪᠠ᠃ ᠭᠤᠷᠪᠠ ᠳᠤ᠂ ᠢᠮᠠᠭᠲᠠ ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠡᠯ ᠢ ᠵᠠᠯᠬᠠᠭᠠᠨ ᠰᠢᠢᠳᠭᠡᠵᠦ᠂ ᠢᠯᠵᠠᠷᠠᠯ ᠤᠨ ᠨᠡᠮᠡᠭᠳᠡᠯ ᠢ ᠡᠷᠡᠰ ᠬᠤᠷᠢᠭᠯᠠᠵᠤ ᠂ ᠦᠯᠡᠳᠡᠭᠳᠡᠯ ᠢᠯᠵᠠᠷᠠᠯ ᠤᠨ ᠠᠰᠠᠭᠤᠳᠠᠯ ᠢ ᠡᠷᠡᠰ ᠪᠠᠭᠠᠰᠬᠠᠵᠤ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠰᠢᠯᠠᠵᠤ ᠪᠠᠶᠢᠬᠤ᠂ ᠨᠠᠮ ᠤᠨ ᠲᠦᠷᠦ ᠪᠠᠷᠢᠬᠤ ᠰᠠᠭᠤᠷᠢ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠬᠤ ᠢᠯᠵᠠᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠢ ᠢᠯᠡ ᠪᠠᠷ ᠲᠠᠭᠠᠵᠤ ᠳᠠᠯᠳᠠᠭᠤᠷ ᠵᠥᠷᠢᠴᠡᠬᠦ ᠬᠤᠶᠠᠷ ᠨᠢᠭᠤᠷᠲᠠᠨ᠂ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ ᠢᠯᠵᠠᠷᠠᠮᠠᠯ ᠡᠲᠡᠭᠡᠳ ᠢ ᠡᠷᠡᠰ ᠴᠡᠪᠡᠷᠯᠡᠨ ᠠᠷᠢᠯᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠡᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠣᠪᠣᠷ ᠬᠤᠪᠢᠷᠠᠬᠤ ᠦᠭᠡᠢ᠂ ᠵᠣᠷᠢᠭ ᠮᠣᠬᠤᠬᠤ ᠦᠭᠡᠢ᠂ ᠪᠠᠷᠢᠮᠵᠢᠶ᠎ᠠ ᠰᠤᠯᠠᠷᠠᠬᠤ ᠥᠭᠡᠢ ᠪᠤᠯᠪᠠ᠃ ᠲᠦᠷᠪᠡ ᠳᠤ᠂ ᠢᠯᠵᠠᠷᠡᠯ ᠢ ᠰᠡᠷᠭᠡᠶᠢᠯᠡᠨ ᠵᠠᠰᠠᠬᠤ ᠲᠦᠷᠢᠮ ᠢ ᠴᠢᠩᠳᠠᠯᠠᠵᠤ᠂ ᠨᠢᠭᠡ ᠢᠵᠢ ᠨᠡᠯᠢᠶᠡᠳ ᠲᠡᠭᠦᠯᠳᠡᠷᠵᠢᠭᠰᠡᠨ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ ᠰᠢᠰᠲ᠋ᠧᠮ ᠪᠣᠯᠤᠨ ᠢᠯᠵᠠᠷᠡᠯ ᠢ ᠡᠰᠡᠷᠭᠦᠴᠡᠬᠦ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠵᠦ᠂ ᠲᠦᠷᠢᠮ ᠤᠨ ᠬᠠᠳᠠᠨ ᠴᠢᠨᠠᠷ ᠢ ᠴᠢᠩᠭᠠᠳᠬᠠᠵᠤ᠂ ︽ᠡᠪᠳᠡᠷᠬᠡᠢ ᠴᠣᠩᠬᠤ ᠶᠢᠨ ᠨᠦᠯᠦᠭᠡᠯᠡᠯ︾ ᠢ ᠰᠡᠷᠭᠡᠶᠢᠯᠡᠵᠦ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ ᠤᠶᠠᠯᠳᠤᠭᠤᠯᠵᠤ᠂ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠠᠪᠤ ᠳᠤ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠪᠠᠶᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠷ ᠰᠠᠭᠤᠷᠢ ᠶᠢ ᠪᠠᠳᠤᠳᠬᠠᠨ ᠦᠨᠳᠦᠰᠦ ᠶᠢ ᠪᠠᠬᠢᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠬᠦ ᠨᠠᠮ ᠢ ᠵᠡᠪᠰᠡᠭᠯᠡᠵᠦ᠂ ᠰᠢᠯᠢᠳᠡᠭ ᠤᠯᠠᠮᠵᠢᠯᠠᠯᠲᠤ ᠰᠣᠶᠣᠯ ᠢᠶᠠᠷ ᠶᠣᠰᠣ ᠰᠤᠷᠲᠠᠬᠤᠨ ᠢ ᠲᠥᠪ ᠪᠣᠯᠭᠠᠵᠤ᠂ ᠤᠶᠤᠨ ᠰᠠᠨᠠᠭᠠᠨ ᠤ ︽ᠺᠠᠯᠼ︾ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ︽ᠰᠦᠭ ᠰᠦᠨᠡᠰᠦ︾ ᠶᠢ ᠪᠠᠲᠤ ᠴᠣᠭᠴᠠᠯᠠᠵᠤ᠂ ᠦᠵᠡᠯ ᠰᠠᠨᠠᠭ᠎ᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠵᠢᠷᠭᠤᠭ᠎ᠠ ᠳᠤ᠂ ᠡᠷᠬᠡ ᠶᠢ ᠬᠡᠷᠡᠭᠵᠢᠬᠦᠯᠬᠦ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠪᠦᠬᠦᠨ ᠢ ᠪᠦᠷᠬᠦᠭᠦᠯᠬᠦ᠂ ᠠᠯᠪᠠᠨ ᠲᠤᠰᠢᠶᠠᠯᠲᠠᠨ ᠢ ᠬᠢᠨᠠᠨ ᠪᠠᠶᠢᠴᠠᠭᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠤ᠂ ᠨᠠᠮ ᠤᠨ ᠲᠤᠰ ᠪᠡᠶ᠎ᠡ ᠶᠢᠨ ᠬᠢᠨᠠᠯᠲᠠ ᠪᠠ ᠤᠯᠠᠨ ᠲᠦᠮᠡᠨ ᠤ ᠬᠢᠨᠠᠯᠲᠠ ᠶᠢ ᠴᠢᠩᠭᠠᠳᠬᠠᠨ᠂ ᠠᠰᠠᠭᠤᠳᠠᠯ ᠢ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠦᠷᠢᠮ ᠢ ᠲᠡᠭᠦᠯᠳᠡᠷᠵᠢᠭᠦᠯᠬᠦ ᠶᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠡᠷᠬᠡ ᠪᠠᠨ ᠲᠥᠪ ᠭᠤᠣᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ ᠶᠤᠰᠤᠭᠠᠷ ᠬᠡᠷᠡᠭᠯᠡᠬᠦ᠂ ᠡᠷᠬᠡ ᠪᠠᠨ ᠠᠷᠢᠭᠤᠨ ᠴᠢᠭᠡᠴᠢ ᠪᠠᠷ ᠬᠡᠷᠡᠭᠯᠡᠬᠦ᠂ ᠡᠷᠬᠡ ᠪᠠᠨ ᠠᠷᠠᠳ ᠤᠨ ᠲᠦᠯᠦᠭᠡ ᠬᠡᠷᠡᠭᠯᠡᠬᠦ ᠶᠢ ᠬᠥᠮᠦᠵᠢᠭᠦᠯᠵᠦ ᠬᠥᠳᠤᠯᠤᠨ ᠵᠢᠯᠣᠭᠤᠳᠴᠠᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠢᠯᠵᠠᠷᠡᠯ ᠪᠣᠯ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠨᠠᠵᠠᠭᠠᠢ ᠬᠦᠴᠦᠨ ᠵᠦᠢᠯ ᠤᠷᠳᠤ ᠬᠤᠭᠤᠴᠠᠭ᠎ᠠ ᠪᠠᠷ ᠬᠤᠷᠠᠮᠳᠤᠵᠤ᠂ ᠦᠷᠭᠦᠯᠵᠢᠯᠡᠨ ᠬᠡᠴᠡᠭᠦᠳᠡᠭᠰᠡᠨ ᠤ ᠢᠯᠡᠷᠡᠯ ᠮᠥᠨ᠂ ᠢᠯᠵᠠᠷᠡᠯ ᠢ ᠡᠰᠡᠷᠭᠦᠴᠡᠬᠦ ᠪᠣᠯ ᠨᠠᠮ ᠤᠨ ᠲᠡᠷᠢᠭᠦᠨ ᠤ ᠴᠢᠨᠠᠷ ᠢ ᠰᠤᠯᠠᠷᠠᠭᠤᠯᠬᠤ᠂ ᠨᠠᠮ ᠤᠨ ᠴᠡᠪᠡᠷ ᠴᠢᠨᠠᠷ ᠢ ᠬᠤᠬᠢᠷᠠᠭᠤᠯᠬᠤ ᠡᠯ᠎ᠡ ᠵᠦᠢᠯ ᠤᠨ ᠡᠪᠡᠳᠴᠢᠨ ᠡᠭᠦᠰᠭᠡᠭᠴᠢ ᠲᠠᠢ ᠲᠡᠮᠡᠴᠡᠯ ᠬᠢᠬᠦ ᠶᠠᠪᠤᠳᠠᠯ ᠪᠣᠯᠤᠨ᠎ᠠ᠃ ᠡᠨᠡ ᠬᠦ ᠲᠡᠮᠡᠴᠡᠯ ᠨᠢ ᠲᠦᠢᠯ ᠤᠨ ᠪᠤᠳᠤᠯᠢᠶᠠᠨᠲᠠᠢ᠂ ᠲᠦᠢᠯ ᠤᠨ ᠬᠠᠲᠠᠭᠤ ᠪᠡᠷᠬᠡᠰᠢᠶᠡᠯᠲᠡᠢ ᠪᠠᠶᠢᠵᠤ᠂ ᠥᠴᠦᠬᠡᠨ ᠴᠦ ᠨᠠᠶᠢᠷ ᠲᠠᠯᠪᠢᠵᠤ ᠢᠯᠳᠡᠷ ᠬᠠᠶᠠᠵᠤ ᠪᠣᠯᠬᠤ ᠦᠭᠡᠢ᠂ ᠡᠷᠬᠡᠪᠰᠢ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠠ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠪᠠᠳᠤ ᠵᠤᠭᠰᠤᠯᠳᠠ ᠶᠢ ᠢᠮᠠᠭᠲᠠ ᠪᠠᠷᠢᠮᠲᠠᠯᠠᠵᠤ᠂ ᠬᠤᠣᠷᠲᠤ ᠬᠠᠪᠤᠳᠠᠷ ᠢ ᠡᠷᠡᠰ ᠠᠷᠢᠯᠭᠠᠨ᠂ ᠬᠤᠣᠷ ᠤᠨ ᠡᠬᠢ ᠰᠤᠷᠪᠤᠯᠵᠢ ᠶᠢ ᠠᠷᠢᠯᠭᠠᠵᠤ᠂ ᠬᠠᠯᠳᠠᠪᠤᠷᠢᠳᠤ ᠬᠤᠣᠷ ᠢ ᠴᠡᠪᠡᠷᠯᠡᠨ ᠠᠷᠢᠯᠭᠠᠵᠤ᠂ ᠨᠠᠮ ᠤᠨ ᠥᠨᠢᠳᠡ ᠴᠢᠨᠡᠷ ᠦᠯᠦ ᠬᠤᠪᠢᠷᠠᠬᠤ ᠪᠠᠷ ᠬᠤᠪᠢᠰᠬᠠᠯ ᠤᠨ ᠲᠦᠷᠦ ᠵᠠᠰᠠᠭ ᠤᠨ ᠥᠨᠢᠳᠡ ᠦᠯᠦ ᠬᠤᠪᠢᠷᠠᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠂ ᠭᠡᠪᠡᠴᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠢᠯᠵᠠᠷᠠᠯ ᠤᠨ ᠮᠤᠵᠢᠭᠤᠳᠠ ᠴᠢᠨᠠᠷ ᠪᠠ ᠬᠦᠨᠦᠬᠡᠯᠳᠤ ᠴᠢᠨᠠᠷ ᠢ ᠶᠠᠭᠠᠬᠢᠭᠰᠠᠨ ᠴᠤ ᠪᠠᠰᠤᠵᠤ ᠪᠤᠯᠬᠤ ᠦᠭᠡᠢ᠂ ᠪᠢᠳᠡ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠬᠡᠪᠰᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠳᠤ ᠡᠷᠬᠡᠪᠰᠢ ᠭᠤᠷᠪᠠᠭᠤᠯᠠ ᠶᠢ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ ᠢᠯᠵᠠᠷᠠᠬᠤ ᠠᠴᠠ ᠵᠢᠷᠦᠬᠡᠰᠢᠶᠡᠬᠦ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ᠂ ᠢᠯᠵᠠᠷᠠᠵᠤ ᠪᠣᠯᠬᠤ ᠦᠭᠡᠢ ᠬᠠᠲᠠᠭᠤ ᠲᠦᠷᠢᠮ ᠤᠨ ᠬᠦᠯᠢᠶᠡᠰᠦᠯᠡᠯ᠂ ᠢᠯᠵᠠᠷᠠᠬᠤ ᠶᠢ ᠪᠤᠳᠤᠬᠤ ᠦᠭᠡᠢ ᠦᠵᠡᠯ ᠰᠠᠨᠠᠭᠠᠨ ᠤ ᠬᠥᠮᠦᠵᠢᠯ ᠤᠨ ᠳᠠᠪᠠᠭᠤᠯᠢᠭ ᠢ ᠨᠢᠭᠡ ᠴᠤᠬᠴᠠᠵᠢᠭᠤᠯᠤᠨ᠂ ︽ᠪᠦᠬᠦ ᠦᠶᠡᠯᠡᠯ ᠤᠨ ᠬᠠᠮᠢᠶᠠᠷᠤᠯᠲᠠ︾ ᠶᠢᠨ ᠬᠡᠯᠪᠡᠷᠢ ᠪᠠᠷ᠂ ᠡᠯ᠎ᠡ ᠵᠦᠢᠯ ᠤᠨ ᠠᠷᠭ᠎ᠠ ᠬᠡᠮᠵᠢᠶ᠎ᠠ ᠨᠦᠭᠦᠳ ᠢ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ ᠲᠠᠯ᠎ᠠ ᠪᠠᠷ ᠬᠠᠷᠢᠯᠴᠠᠨ ᠬᠠᠮᠵᠢᠯᠴᠠᠭᠤᠯᠵᠤ᠂ ᠬᠡᠷᠡᠭᠵᠢᠭᠦᠯᠬᠦ ᠶᠠᠪᠤᠴᠠ ᠳᠤ ᠬᠠᠷᠢᠯᠴᠠᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢᠨ ᠲᠠᠯ᠎ᠠ ᠪᠠᠷ ᠬᠠᠷᠢᠯᠴᠠᠨ ᠲᠦᠰᠢᠯᠴᠡᠬᠦ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠲᠦᠷᠢᠮ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠢᠯᠠᠩᠭᠤᠶ᠎ᠠ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠢ ᠵᠣᠬᠢᠴᠠᠭᠤᠯᠤᠭᠰᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠬᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠲᠠᠢ ᠨᠡᠪᠲᠡᠷᠡᠯᠴᠡᠭᠦᠯᠦᠨ ᠬᠠᠮᠵᠢᠯᠴᠠᠭᠤᠯᠵᠤ᠂ ᠤᠯᠤᠰ ᠲᠦᠷᠦ ᠶᠢᠨ ᠬᠢᠨᠠᠯᠲᠠ ᠂ ᠦᠵᠡᠯ ᠰᠠᠨᠠᠭᠠᠨ ᠤ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠰᠤᠷᠲᠠᠯ ᠤᠨ ᠴᠡᠭᠴᠡᠯᠡᠨ ᠰᠠᠶᠢᠵᠢᠷᠠᠭᠤᠯᠤᠯᠲᠠ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ᠂ ᠲᠦᠷᠢᠮ ᠤᠨ ᠲᠡᠭᠦᠯᠳᠡᠷᠵᠢᠭᠦᠯᠦᠯᠲᠡ ᠶᠢᠨ ᠢᠯᠵᠠᠷᠠᠯ ᠢ ᠰᠡᠷᠭᠡᠶᠢᠯᠡᠨ ᠵᠠᠰᠠᠬᠤ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠤᠭᠲᠤ ᠠᠭᠤᠴᠢᠯᠠᠬᠤ ᠦᠭᠡᠢ ᠪᠠᠶᠢᠬᠤ ᠰᠡᠷᠡᠮᠵᠢᠯᠡᠭᠦᠯᠤᠯ᠂ ᠤᠭᠲᠤ ᠠᠭᠤᠴᠢᠯᠠᠬᠤ ᠦᠭᠡᠢ ᠪᠠᠶᠢᠬᠤ ᠡᠷᠴᠢᠮ ᠢᠶᠠᠨ ᠪᠠᠲᠤᠯᠠᠵᠤ᠂ ᠡᠯ᠎ᠡ ᠬᠦᠷᠢᠶᠡᠨ ᠤ ᠢᠯᠵᠡᠷᠠᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠬᠢᠨ ᠳᠠᠪᠲᠠᠨ ᠡᠭᠦᠰᠴᠦ ᠪᠠᠶᠢᠭ᠎ᠠ ᠲᠡᠳᠡᠭᠡᠷ ᠬᠠᠭᠤᠴᠢᠨ ᠠᠰᠠᠭᠤᠳᠠᠯ ᠢ ᠠᠭᠠᠵᠢᠮ ᠢᠶᠠᠷ ᠪᠠᠭᠠᠰᠬᠠᠵᠤ ᠴᠢᠨᠠᠭᠰᠢᠯᠠᠪᠠᠯ ᠠᠰᠠᠭᠤᠳᠠᠯ ᠭᠠᠷᠬᠤ ᠦᠭᠡᠢ ᠪᠣᠯᠭᠠᠵᠤ᠂ ᠵᠠᠷᠢᠮ ᠡᠭᠦᠰᠴᠦ ᠪᠠᠶᠢᠭ᠎ᠠ ᠰᠢᠨ᠎ᠡ ᠠᠰᠠᠭᠤᠳᠠᠯ ᠢ ᠦᠷᠭᠡᠵᠢᠨ ᠳᠡᠯᠭᠡᠷᠡᠭᠦ ᠳᠤ ᠪᠡᠷᠬᠡ ᠪᠣᠯᠭᠠᠵᠤ᠂ ᠢᠯᠵᠠᠷᠠᠯ ᠤᠨ ᠨᠡᠮᠡᠭᠳᠡᠯ ᠢ ᠡᠷᠡᠰ ᠬᠤᠷᠢᠭᠯᠠᠵᠤ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ ᠠᠷᠢᠯᠭᠠᠬᠤ ᠬᠡᠷᠡᠭᠲᠡᠢ᠃ ᠢᠯᠵᠠᠷᠠᠯ ᠤᠨ ᠱᠠᠳᠤᠴᠢ ᠴᠢᠨᠠᠷᠲᠠᠢ ᠣᠨᠴᠠᠯᠢᠭ ᠪᠣᠯᠤᠨ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠭᠤᠶᠢᠪᠢᠰᠢ ᠦᠭᠡᠢ ᠪᠠᠷ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠵᠤ︾᠂ ︽ᠦᠨᠡᠭᠡ ᠶᠢ ᠠᠩᠨᠠᠵᠤ︾᠂ ᠠᠶᠤᠯ ᠲᠦᠭᠰᠢᠭᠦᠷᠢ ᠭᠡᠮ ᠰᠣᠭᠤᠭ ᠶᠡᠬᠡᠲᠡᠢ ᠠᠵᠢᠯ ᠲᠦᠷᠦᠯ ᠤᠨ ᠴᠢᠨᠠᠷᠲᠠᠢ᠂ ᠰᠢᠰᠲ᠋ᠧᠮᠳᠤ ᠴᠢᠨᠠᠷᠲᠠᠢ ᠢᠯᠵᠡᠷᠠᠯ ᠢ ᠡᠷᠡᠰ ᠠᠷᠢᠯᠭᠠᠵᠤ᠂ ᠢᠯᠵᠡᠷᠠᠯ ᠤᠨ ᠠᠶᠤᠯ ᠲᠦᠭᠰᠢᠭᠦᠷᠢ ᠵᠢᠴᠢ ᠬᠤᠯᠪᠣᠭᠳᠠᠯᠳᠤ ᠴᠢᠨᠠᠷᠲᠠᠢ ᠠᠵᠤ ᠠᠬᠤᠢ ᠨᠡᠶᠢᠭᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠤᠯᠤᠰ ᠲᠦᠷᠦ ᠶᠢᠨ ᠠᠮᠢ ᠠᠬᠤᠢ ᠶᠢᠨ ᠪᠠᠶᠢᠳᠠᠯ ᠢᠶᠠᠨ ᠭᠦᠨᠵᠡᠭᠡᠢ ᠵᠠᠳᠠᠯᠵᠤ᠂ ᠢᠯᠵᠠᠷᠠᠯ ᠤᠨ ᠲᠤᠪᠤᠶᠢᠮ᠎ᠠ ᠢᠯᠡᠷᠡᠯ᠂ ᠭᠤᠣᠯᠳᠠᠯᠭ᠎ᠠ ᠲᠠᠢ ᠬᠦᠷᠢᠶ᠎ᠡ᠂ ᠠᠮᠠᠷᠬᠠᠨ ᠡᠭᠦᠰᠭᠦ ᠭᠤᠭᠴᠤᠭ᠎ᠠ ᠶᠢ ᠣᠨᠣᠪᠴᠢᠲᠠᠢ ᠡᠷᠢᠨ ᠣᠯᠵᠤ᠂ ᠬᠠᠨᠳᠤᠯᠭᠠᠲᠤ ᠴᠢᠨᠠᠷᠲᠠᠢ ᠪᠠᠷ ᠲᠥᠪᠯᠡᠷᠡᠭᠦᠯᠦᠨ ᠴᠡᠭᠴᠡᠯᠡᠨ ᠵᠠᠰᠠᠵᠤ᠂ ᠪᠦᠬᠦ ᠬᠦᠴᠦᠨ ᠢᠶᠠᠷ ᠢᠶᠠᠨ ᠪᠤᠭᠤᠮᠳᠠ ᠰᠢᠪᠲᠤᠯᠤᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠬᠢ ᠡᠭᠦᠰᠦᠯ ᠠᠴᠠ ᠨᠢ ᠭᠠᠷᠳᠠᠵᠤ᠂ ᠡᠷᠬᠡ ᠶᠢ ᠬᠠᠮᠢᠶᠠᠷᠴᠤ ᠲᠤᠰᠢᠶᠠᠯᠲᠡᠨ ᠢ ᠵᠠᠰᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠢᠯᠵᠡᠷᠠᠯ ᠤᠨ ᠠᠰᠠᠭᠤᠳᠠᠯ ᠢ ᠨᠡᠩ ᠪᠠᠶᠢᠩᠭᠤᠵᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠷ ᠰᠡᠷᠭᠡᠶᠢᠯᠡᠨ ᠵᠠᠰᠠᠬᠤ ᠬᠡᠷᠡᠭᠲᠡᠢ᠃ ᠢᠯᠵᠠᠷᠠᠬᠤ ᠲᠣᠬᠢᠶᠠᠯ ᠢ ᠬᠦᠴᠦᠯᠡᠨ ᠪᠠᠭᠠᠰᠬᠠᠵᠤ᠂ ᠲᠦᠷᠦ ᠶᠢᠨ ᠪᠤᠳᠤᠯᠭ᠎ᠠ ᠲᠣᠭᠲᠠᠭᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ᠂ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠲᠦᠪ ᠴᠢᠩᠭ᠎ᠠ ᠪᠤᠯᠭᠠᠵᠤ᠂ ᠠᠵᠢᠯ ᠤᠨ ᠲᠠᠷᠠᠭᠠᠯᠠᠯ ᠢ ᠵᠢᠷᠤᠮᠵᠢᠭᠤᠯᠵᠤ᠂ ᠡᠷᠬᠡ ᠶᠢᠨ ᠬᠢᠵᠠᠭᠠᠷᠯᠠᠯ ᠢ ᠴᠢᠩᠭᠠᠳᠬᠠᠨ᠂ ᠡᠷᠬᠡ ᠶᠢᠨ ᠬᠤᠮᠠᠬᠢ ᠠᠵᠤ ᠠᠬᠤᠢ ᠶᠢᠨ ᠠᠵᠢᠯᠯᠠᠭ᠎ᠠ ᠳᠤ ᠵᠦᠢ ᠵᠤᠬᠢᠰ ᠦᠭᠡᠢ ᠭᠠᠷ ᠲᠦᠷᠦᠬᠦ ᠶᠢ ᠪᠠᠭᠠᠰᠬᠠᠬᠤ ᠬᠡᠷᠡᠭᠲᠡᠢ᠃ ᠢᠯᠵᠠᠷᠠᠯ ᠤᠨ ᠲᠠᠷᠬᠠᠨ ᠲᠡᠯᠭᠡᠷᠡᠬᠦ ᠶᠢ ᠪᠦᠲᠦᠮᠵᠢᠲᠡᠢ ᠰᠡᠷᠭᠡᠶᠢᠯᠡᠵᠦ᠂ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠤᠷᠢᠳᠴᠢᠯᠠᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠡᠷᠲᠡᠨ ᠠᠴᠠ ᠨᠢ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠱᠠᠳᠤ ᠱᠠᠳᠤ ᠪᠠᠷ ᠰᠡᠷᠭᠡᠶᠢᠯᠡᠬᠦ ᠬᠡᠷᠡᠭᠲᠡᠢ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠢ ᠨᠠᠮᠴᠢ ᠴᠢᠨᠠᠷ ᠤᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠢᠭᠤᠨ ᠴᠢᠬᠡᠴᠢ ᠰᠣᠶᠣᠯ ᠢᠶᠠᠷ ᠪᠡᠶ᠎ᠡ ᠰᠡᠳᠭᠢᠯ ᠢ ᠰᠢᠮᠡᠵᠢᠭᠦᠯᠵᠦ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠵᠠᠯᠠᠭᠤ ᠺᠠᠳ᠋ᠷ ᠢ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠴᠢᠬᠤᠯᠠᠴᠢᠯᠠᠬᠤ ᠬᠡᠷᠡᠭᠲᠡᠢ᠃ ᠢᠯᠵᠡᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠭᠡᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠢᠯᠵᠡᠷᠠᠯ ᠤᠨ ᠠᠷᠭ᠎ᠠ ᠪᠠᠷᠢᠯ ᠤᠨ ᠨᠢᠭᠤᠭᠳᠠᠵᠤ ᠤᠨᠳᠤᠤᠰᠢᠭᠰᠡᠨ᠂ ᠰᠢᠨᠡᠳᠴᠦ ᠲᠡᠰ ᠳᠡᠪᠰᠢᠬᠦ ᠵᠡᠷᠭᠡ ᠰᠢᠨ᠎ᠡ ᠣᠨᠴᠠᠯᠢᠭ ᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠢᠯᠵᠡᠷᠠᠯ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠪᠦᠲᠦᠮᠵᠢᠲᠡᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠭᠡᠬᠦ᠂ ᠠᠵᠢᠯ ᠢᠶᠠᠨ ᠠᠭᠤᠰᠤᠯᠴᠠᠭᠤᠯᠬᠤ ᠶᠢ ᠠᠬᠢᠭᠤᠯᠵᠤ᠂ ᠡᠷᠬᠡ ᠳᠤ ᠬᠢᠨᠠᠯᠲᠠ ᠲᠠᠯᠪᠢᠬᠤ ᠶᠢᠨ ᠪᠦᠬᠦᠨ ᠢ ᠪᠦᠷᠬᠦᠬᠦᠯᠬᠦ᠂ ᠪᠦᠲᠦᠮᠵᠢᠲᠡᠢ ᠴᠢᠨᠠᠷ ᠢ ᠴᠢᠩᠭᠠᠳᠬᠠᠵᠤ᠂ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ᠂ ᠤᠯᠤᠰ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠢ ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠨᠠᠮ ᠤᠨ ᠭᠡᠰᠢᠭᠦᠨ᠂ ᠺᠠᠳ᠋ᠷ ᠤᠨ ᠦᠵᠡᠯ ᠰᠠᠨᠠᠭᠠᠨ ᠤ ᠤᠬᠠᠮᠰᠠᠷ ᠪᠠ ᠤᠯᠤᠰ ᠲᠦᠷᠦ ᠶᠢᠨ ᠤᠬᠠᠮᠰᠠᠷ ᠪᠣᠯᠭᠠᠵᠤ ᠰᠡᠳᠭᠢᠯ ᠳᠤᠨᠢ ᠬᠠᠳᠠᠩᠰᠢᠭᠤᠯᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠪᠠᠰᠠ ᠠᠷᠠᠳ ᠲᠦᠮᠡᠨ ᠳᠤ ᠲᠦᠰᠢᠭᠯᠡᠬᠦ ᠶᠢ ᠴᠢᠬᠤᠯᠠᠴᠢᠯᠠᠵᠤ᠂ ᠠᠷᠠᠳ ᠤᠯᠠᠨ ᠤ ᠳᠡᠮᠵᠢᠯᠭᠡ ᠪᠠ ᠬᠠᠪᠰᠤᠷᠤᠯᠭ᠎ᠠ ᠳᠤ ᠲᠦᠰᠢᠭᠯᠡᠨ ᠲᠤᠰ ᠪᠡᠶ᠎ᠡ ᠶᠢᠨ ᠠᠰᠠᠭᠤᠳᠠᠯ ᠢᠶᠠᠨ ᠰᠢᠢᠳᠪᠦᠷᠢᠯᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠢᠯᠵᠠᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠳᠤ ᠡᠷᠬᠡᠪᠰᠢ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠠᠴᠠ ᠡᠬᠢᠯᠡᠨ ᠲᠦᠪ ᠴᠢᠩᠭ᠎ᠠ ᠪᠤᠯᠭᠠᠬᠤ ᠬᠡᠷᠡᠭᠲᠡᠢ᠃ ᠵᠡᠷᠭᠡ ᠲᠤᠰᠢᠶᠠᠯ ᠥᠨᠳᠥᠷ ᠪᠣᠯᠬᠤ ᠲᠤᠳᠤᠮ᠂ ᠡᠷᠬᠡ ᠶᠡᠭᠡ ᠪᠣᠯᠬᠤ ᠲᠤᠳᠤᠮ ᠨᠡᠩ ᠢᠯᠡᠭᠦᠦ ᠪᠢᠰᠢᠷᠡᠨ ᠵᠢᠷᠦᠬᠡᠰᠢᠶᠡᠬᠦ ᠰᠡᠳᠭᠢᠯᠭᠡ ᠲᠠᠢ ᠪᠠᠶᠢᠵᠤ᠂ ᠥᠪᠡᠷ ᠢ ᠪᠠᠨ ᠤᠯᠠᠮ ᠴᠢᠩᠭ᠎ᠠ ᠱᠠᠭᠠᠷᠳᠠᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠦᠪᠡᠷ ᠤᠨ ᠪᠡᠶ᠎ᠡ ᠪᠠᠨ ᠰᠠᠶᠢᠲᠤᠷ ᠬᠠᠮᠢᠶᠠᠷᠬᠤ ᠪᠠᠷ ᠪᠠᠷᠠᠬᠤ ᠦᠭᠡᠢ ᠪᠠᠰᠠ ᠭᠡᠷ ᠪᠦᠯᠢ ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠦᠨ ᠪᠠ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠭᠤᠤᠯᠯᠠᠨ ᠬᠠᠮᠢᠶᠠᠷᠴᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠡᠪ ᠰᠤᠷᠲᠠᠯ ᠢ ᠰᠠᠶᠢᠲᠤᠷ ᠬᠠᠮᠢᠶᠠᠷᠴᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ ᠪᠣᠯᠤᠨ ᠶᠣᠰᠣ ᠵᠢᠷᠤᠮ ᠲᠠᠢ ᠳᠡᠭᠡᠷ᠎ᠡ ᠲᠤᠤᠷ᠎ᠠ ᠱᠠᠲᠤᠨ ᠤ ᠬᠠᠷᠢᠴᠠᠭ᠎ᠠ ᠶᠢ ᠪᠦᠷᠢᠯᠳᠦᠭᠦᠯᠬᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠷᠢᠮᠲᠠᠯᠠᠬᠤ᠂ ᠥᠭᠡᠳᠡᠷᠬᠡᠭ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠵᠡᠷᠭᠡ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠬᠡᠷᠡᠭᠲᠡᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠪᠡᠶ᠎ᠡ ᠪᠠᠨ ᠴᠢᠩᠭ᠎ᠠ ᠱᠠᠭᠠᠷᠳᠠᠬᠤ ᠲᠠᠯ᠎ᠠ ᠪᠠᠷ ᠡᠷᠬᠡᠪᠰᠢ ᠬᠠᠮᠤᠭ ᠤᠨ ᠳᠡᠭᠡᠳᠦ ᠪᠠᠷᠢᠮᠵᠢᠶ᠎ᠠ ᠶᠢ ᠪᠠᠷᠢᠮᠲᠠᠯᠠᠵᠤ᠂ ᠪᠦᠬᠦ ᠨᠠᠮ ᠢᠶᠠᠷ ᠢᠶᠠᠨ ᠪᠡᠶᠡᠯᠡᠬᠦᠯᠬᠦ ᠪᠠᠷ ᠱᠠᠭᠠᠷᠳᠠᠭᠰᠠᠨ ᠵᠦᠢᠯ ᠢ ᠤᠷᠢᠳ ᠢᠶᠠᠷ ᠬᠢᠵᠦ ᠪᠡᠶᠡᠯᠡᠬᠦᠯᠦᠨ᠂ ᠪᠦᠬᠦ ᠨᠠᠮ ᠢᠶᠠᠷ ᠢᠶᠠᠨ ᠬᠢᠵᠤ ᠪᠤᠯᠬᠤ ᠦᠬᠡᠢ ᠪᠠᠷ ᠱᠠᠭᠠᠷᠳᠠᠭᠰᠠᠨ ᠵᠦᠢᠯ ᠢ ᠶᠠᠭᠠᠬᠢᠭᠰᠠᠨ ᠴᠤ ᠬᠢᠵᠤ ᠪᠤᠯᠬᠤ ᠦᠬᠡᠢ ᠬᠡᠵᠤ ᠴᠢᠬᠤᠯᠠᠴᠢᠯᠠᠪᠠ᠃     ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠵᠢᠮ᠎ᠡ ᠶᠣᠰᠣ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠵᠢᠮ᠎ᠡ ᠶᠣᠰᠣ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ︽ᠲᠡᠷᠬᠡᠳᠡᠬᠢ ᠠᠰᠠᠭᠤᠳᠠᠯ ᠢᠶᠠᠨ ᠤᠯᠵᠤ ᠬᠠᠷᠠᠬᠤ ᠦᠬᠡᠢ ᠪᠠᠶᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠦᠨᠡᠨᠴᠢ ᠰᠢᠳᠤᠷᠭᠤ ᠡᠷᠡᠰ ᠪᠠᠲᠤ᠂ ᠬᠠᠷᠠᠮ ᠦᠬᠡᠢ ᠵᠢᠷᠦᠬᠡᠰᠢᠶᠡᠬᠦ ᠦᠭᠡᠢ ᠪᠠᠶᠢᠬᠤ ᠶᠢ ᠪᠡᠶᠡᠯᠡᠭᠦᠯᠵᠦ᠂ ᠢᠮᠠᠭᠲᠠ ᠨᠠᠮᠴᠢ ᠴᠢᠨᠠᠷ ᠢᠶᠠᠷ ᠪᠡᠶ᠎ᠡ ᠪᠠᠨ ᠱᠠᠭᠠᠷᠳᠠᠵᠤ᠂ ᠰᠠᠬᠢᠯᠭ᠎ᠠ ᠪᠠᠲᠤ ᠶᠢ ᠲᠥᠪ ᠭᠤᠣᠯᠴᠢ ᠪᠠᠷ ᠬᠡᠷᠡᠭᠵᠢᠭᠦᠯᠵᠦ᠂ ᠡᠷᠬᠡ ᠪᠠᠨ ᠪᠣᠯᠭᠤᠮᠵᠢᠲᠠᠢ ᠬᠡᠷᠡᠭᠯᠡᠵᠦ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠵᠦ ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠬᠠᠨᠤᠮᠵᠢᠳᠠᠢ ᠪᠠᠶᠢᠯᠭᠠᠬᠤ ᠶᠢ ᠦᠨᠡᠨ ᠬᠦ ᠪᠡᠶᠡᠯᠡᠭᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ