ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ ᠪᠦᠲᠦᠮᠵᠢᠲᠡᠢ ᠠᠬᠢᠭᠤᠯᠬᠤ ᠶᠢᠨ ᠲᠦᠯᠦᠭᠡ᠂ | 6 ᠰᠠᠷ᠎ᠠ ᠶᠢᠨ 16 ᠤ ᠦᠳᠡ ᠶᠢᠨ ᠡᠮᠦᠨ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ᠂ ᠭᠠᠯ ᠰᠡᠷᠭᠡᠶᠢᠯᠡᠬᠦ᠂ ᠵᠠᠮ ᠬᠠᠷᠢᠯᠴᠠᠭ᠎ᠠ ᠵᠡᠷᠭᠡ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠢ | ᠵᠣᠬᠢᠶᠠᠨ ᠪᠠᠶᠢᠭᠤᠯᠵᠤ ᠯᠢᠨ ᠬᠠᠢ ᠴᠡᠴᠡᠷᠯᠢᠭ ᠲᠤ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠢᠷᠤᠮᠯᠠᠵᠤ᠂ ᠨᠢᠭᠡᠳᠦᠭᠡᠷ ᠬᠠᠷᠢᠭᠤᠴᠠᠯᠭᠠᠲᠠᠨ ᠤ ᠰᠠᠶᠢᠨ | ᠡᠭᠦᠷᠭᠡᠯᠡᠭᠴᠢ︾ ᠭᠡᠬᠦ ᠭᠤᠣᠯ ᠰᠡᠳᠦᠪᠲᠦ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠯᠠᠪᠯᠠᠬᠤ ᠡᠳᠦᠷ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠵᠡᠢ᠃ | | | | | ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ︽ᠠᠶᠤᠯᠭᠦᠢ | ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠵᠤ᠂ ᠨᠢᠭᠡᠳᠦᠭᠡᠷ ᠬᠠᠷᠢᠭᠤᠴᠠᠯᠭᠠᠲᠠᠨ ᠤ ᠰᠠᠶᠢᠨ ᠡᠭᠦᠷᠭᠡᠯᠡᠭᠴᠢ︾ ᠪᠣᠯᠬᠤ ᠤᠬᠠᠭᠤᠯᠭ᠎ᠠ ᠶᠢᠨ ᠠᠵᠢᠯᠯᠠᠭ᠎ᠠ ᠶᠢᠨ | ᠭᠤᠣᠯ ᠰᠡᠳᠦᠪ ᠤᠨ ᠲᠣᠭᠤᠷᠢᠨ ᠳᠤ ᠲᠤᠯᠭᠠᠨ ᠠᠰᠠᠭᠤᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ | ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ | ᠬᠠᠨᠳᠤᠭᠤᠯᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠢᠳᠡᠪᠬᠢᠲᠡᠢ ᠣᠷᠤᠯᠴᠠᠬᠤ ᠶᠢ ᠬᠥᠲᠥᠯᠥᠨ ᠵᠢᠯᠤᠭᠤᠳᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ | ᠢᠮᠠᠭᠲᠠ ᠠᠩᠬᠠᠷᠴᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠬᠠᠮᠲᠤ ᠪᠠᠷ ᠠᠬᠢᠭᠤᠯᠪᠠ᠃ ᠲᠤᠰ | ᠤᠳᠠᠭ᠎ᠠ ᠶᠢᠨ ᠠᠵᠢᠯᠯᠠᠭ᠎ᠠ ᠳᠤ ᠨᠡᠶᠢᠳᠡ 1800 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1100 ᠭᠠᠷᠤᠢ ᠬᠥᠮᠥᠨ ᠢ ᠭᠥᠯᠢᠶᠡᠨ ᠠᠪᠴᠤ | ᠠᠰᠠᠭᠤᠨ ᠯᠠᠪᠯᠠᠵᠤ᠂ 20 ᠭᠠᠷᠤᠢ ᠵᠤᠷᠪᠤᠰ ᠤᠬᠠᠭᠤᠯᠭ᠎ᠠ ᠶᠢᠨ ᠪᠢᠴᠢᠭᠡᠰᠦ ᠡᠯᠭᠦᠵᠦ᠂ 10 ᠭᠠᠷᠤᠢ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠪᠠ᠃ | ᠲᠣᠰ ᠤᠳᠠᠭᠠᠨ ᠤ ᠠᠵᠢᠯᠯᠠᠭ᠎ᠠ ᠳᠤ ᠪᠠᠰᠠ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠰᠦᠯᠵᠢᠶᠡᠨ ᠳᠡᠭᠡᠷᠡᠬᠢ ᠬᠤᠶᠠᠳᠤᠭᠠᠷ ᠪᠦᠯᠦᠭ ᠤᠨ ᠰᠡᠳᠦᠪ ᠢ | ᠬᠠᠷᠢᠭᠤᠯᠬᠤ ᠳᠤ ᠣᠷᠣᠯᠴᠠᠭᠰᠠᠨ 300 ᠠᠵᠠᠲᠠᠢ ᠱᠠᠩᠨᠠᠯ ᠭᠥᠷᠳᠡᠭᠰᠡᠨ ᠣᠯᠠᠨ ᠲᠦᠮᠡᠨ ᠳᠤ ᠱᠠᠩᠨᠠᠯ ᠣᠯᠭᠤᠵᠠᠢ᠃ | | | | | | | | ᠲᠣᠰ ᠤᠳᠠᠭᠠᠨ ᠤ ᠠᠵᠢᠯᠯᠠᠭ᠎ᠠ ᠨᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ ᠬᠡᠰᠡᠭ ᠪᠣᠯᠤᠭᠰᠠᠨ ᠤ ᠬᠤᠪᠢ ᠳᠤ᠂ | ᠡᠯ᠎ᠡ ᠨᠢᠭᠡᠴᠢ ᠶᠢᠨ ᠬᠢᠨ ᠲᠣᠰ ᠤᠳᠠᠭᠠᠨ ᠤ ᠤᠬᠠᠭᠤᠯᠭ᠎ᠠ ᠶᠢᠨ ᠲᠣᠬᠢᠶᠠᠯ ᠢ ᠭᠦᠢᠴᠡᠳ ᠠᠰᠢᠭᠯᠠᠨ᠂ ᠡᠯ᠎ᠡ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ | ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠪᠥᠬᠦ | ᠬᠤᠰᠢᠭᠤᠨ ᠤ ᠠᠶᠤᠯᠭᠦᠢ ᠦᠢᠯᠡᠳᠪᠦᠷᠢᠯᠡᠯ ᠳᠤ ᠡᠶ᠎ᠡ ᠵᠣᠬᠢᠴᠠᠯ ᠲᠠᠢ᠂ ᠠᠮᠤᠷ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠠᠭᠤᠷ ᠠᠮᠢᠰᠬᠤᠯ ᠢ ᠪᠣᠶ ᠪᠣᠯᠭᠠᠵᠤ | ᠥᠭᠭᠦᠭᠰᠡᠨ ᠪᠠᠶᠢᠨ᠎ᠠ᠃ | | | | | | |