ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠶ ᠢᠦᠶ ᠤᠷᠠᠳ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/20
      6 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠶ ᠢᠦᠶ ᠤᠷᠠᠳ ᠤᠨ ᠡᠮᠦᠨᠡᠲᠦ ᠬᠤᠰᠢᠭᠤᠨ ᠤ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃      ᠵᠠᠩ ᠬᠤᠶ ᠢᠦᠶ ᠪᠣᠯᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠢᠨ ᠵᠣᠣ ᠫᠢᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠨᠠᠷ ᠪᠠᠷᠠᠭᠤᠨ ᠪᠠᠭ᠎ᠠ ᠵᠣᠣ ᠪᠠᠯᠭᠠᠰᠤᠨ ᠤ ᠬᠥᠩ ᠲᠢᠶᠠᠨ ᠲᠣᠰᠬᠤᠨ᠂ ᠲᠢᠶᠠᠨ ᠾᠧᠩ ᠡᠮ  ᠦᠢᠯᠡᠳᠬᠦ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ᠂ ᠠᠵᠢᠯᠲᠠᠨ ᠠᠵᠢᠯᠴᠢᠨ ᠳᠤ ᠦᠢᠯᠡᠴᠢᠯᠡᠬᠦ ᠵᠢᠭᠰᠠᠭᠠᠯ ᠤᠨ ᠭᠠᠵᠠᠷ ᠤᠨ ᠲᠥᠷᠥᠯ ᠵᠦᠢᠯ᠂ ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯ ᠤᠨ ᠲᠠᠰᠤᠭ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠣᠶᠢᠯᠠᠭᠠᠪᠠ᠃

工会调研1.jpg

     ᠵᠠᠩ ᠬᠤᠢ ᠢᠦᠢ ᠢᠯᠡᠷᠬᠡᠶᠢᠯᠡᠭᠰᠡᠨ ᠨᠢ᠂ ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠦᠢᠯᠡᠳᠦᠯ ᠢ ᠪᠠᠳᠠᠷᠠᠭᠤᠯᠵᠤ᠂

ᠬᠥᠳᠡᠯᠮᠦᠷᠢ ᠶᠢᠨ ᠵᠢᠱᠢᠶᠡᠴᠢ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂

ᠬᠥᠳᠡᠯᠮᠦᠷᠢ ᠶᠢᠨ ᠵᠢᠱᠢᠶᠡᠴᠢ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ᠂ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠵᠦ ᠨᠡᠶᠢᠭᠡᠮ ᠳᠤ ᠦᠢᠯᠡᠴᠢᠯᠡᠬᠦ ᠳᠤᠮᠳᠠ ᠬᠥᠳᠡᠯᠮᠦᠷᠢ ᠶᠢᠨ ᠵᠢᠱᠢᠶᠡᠴᠢ ᠶᠢᠨ ᠬᠦᠳᠦᠯᠦᠨ ᠳᠠᠭᠠᠭᠤᠯᠵᠤ ᠵᠢᠱᠢᠶ᠎ᠠ ᠦᠵᠡᠭᠦᠯᠬᠦ

ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ  ᠦᠢᠯᠡᠰ ᠤᠨ ᠠᠵᠢᠯᠴᠢᠨ ᠤ

ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ

ᠦᠢᠯᠡᠰ ‍ᠤᠨ‌ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠠᠵᠤ ᠦᠢᠯᠡᠰ ᠤᠨ

ᠠᠵᠢᠯᠴᠢᠨ ᠤ ᠡᠩᠨᠡᠭᠡ ᠶᠢᠨ ᠦᠵᠡᠯ ᠰᠠᠨᠠᠭᠠᠨ ᠤ ᠵᠢᠯᠣᠭᠤᠳᠣᠯᠭ᠎ᠠ ᠶᠢ ᠳᠣᠪᠤᠶᠢᠯᠭᠠᠵᠤ᠂ ᠥᠷᠭᠡᠨ ᠣᠯᠠᠨ ᠠᠵᠤ  ᠦᠢᠯᠡᠰ ᠤᠨ ᠠᠵᠢᠯᠴᠢᠨ ᠢ ᠡᠷᠡᠰ ᠭᠤᠶᠢᠪᠢᠰᠢ

ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ  ᠪᠣᠯᠭᠠᠨᠵᠤ ᠂ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠡᠭᠦᠷᠭᠡ ᠴᠢᠳᠠᠪᠬᠢᠳᠤ ᠰᠠᠯᠠᠭ᠎ᠠ

ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠠᠳᠠᠷᠠᠭᠤᠯᠵᠤ᠂ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ

᠂ ᠬᠥᠭᠵᠢᠯᠲᠡ ᠶᠢᠨ ᠠᠷᠭ᠎ᠠ ᠵᠠᠮ ᠢ ᠰᠢᠯᠤᠭᠤᠳᠬᠠᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠤ ᠡᠷᠬᠡ ᠠᠰᠢᠭ ᠢ ᠬᠠᠤᠯᠢ

ᠶᠣᠰᠣᠭᠠᠷ ᠪᠠᠲᠤᠯᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ

ᠠᠬᠢᠭᠤᠯᠬᠤ ᠬᠡᠷᠡᠭᠲᠡᠢ  ᠬᠡᠪᠡ᠃

工会调研2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ