ᠤᠷᠠᠳ ᠤᠨ ᠡᠮᠦᠨᠡᠲᠦ ᠬᠤᠰᠢᠭᠤ ᠠᠵᠤ ᠠᠬᠤᠢ ᠶᠢᠨ ᠦᠨ᠎ᠡ ᠶᠢ ᠲᠣᠭᠲᠠᠪᠤᠷᠢᠵᠢᠭᠤᠯᠬᠤ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/6/20
      6 ᠰᠠᠷ᠎ᠠ ᠶᠢᠨ 17 ᠤ ᠡᠳᠦᠷ᠂ ᠤᠷᠠᠳ ᠤᠨ ᠡᠮᠦᠨᠡᠲᠦ ᠬᠤᠰᠢᠭᠤ ᠠᠵᠤ ᠠᠬᠤᠢ ᠶᠢᠨ ᠦᠨ᠎ᠡ ᠶᠢ ᠲᠣᠭᠲᠠᠪᠤᠷᠢᠵᠢᠭᠤᠯᠬᠤ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠰᠠᠷᠠᠨᠴᠡᠴᠡᠭ᠂ ᠯᠢᠦ ᠶᠤᠸᠠᠢ ᠮᠢᠩ᠂  ᠰᠤ᠋ ᠴᠠᠩ᠂ ᠵᠠᠩ ᠰᠢᠶᠣᠣ ᠳ᠋ᠦᠩ᠂ ᠹᠠᠨ ᠵᠢᠶᠦ᠋ᠨ ᠬᠤᠶ ᠬᠤᠷᠠᠯ ᠳᠤ ᠣᠷᠣᠯᠴᠠᠵᠠᠢ᠃ ᠰᠠᠷᠠᠴᠡᠴᠡᠭ ᠬᠤᠷᠠᠯ ᠢ ᠡᠷᠬᠢᠯᠡᠪᠡ᠃      ᠬᠤᠷᠠᠯ ᠠᠴᠠ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ  ᠢ ᠵᠠᠷᠯᠠᠨ ᠮᠡᠳᠡᠭᠳᠡᠵᠦ᠂ ᠬᠤᠲᠠ ᠶᠢᠨ ᠵᠠᠰᠠᠭ ᠤᠨ ᠣᠷᠳᠣᠨ ᠤ ︽ᠠᠵᠤ ᠠᠬᠤᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾  ᠢ ᠤᠩᠰᠢᠨ ᠲᠠᠶᠢᠯᠪᠤᠷᠢᠯᠠᠵᠤ᠂ ᠬᠤᠰᠢᠭᠤᠨ ᠤ ᠵᠠᠰᠠᠭ ᠤᠨ ᠣᠷᠳᠣᠨ ᠤ ︽ᠪᠦᠬᠦᠨ ᠢ ᠬᠠᠮᠤᠷᠤᠭᠰᠠᠨ ᠲᠣᠥᠷᠵᠢᠭᠤᠯᠤᠨ ᠬᠤᠯᠪᠣᠭᠠᠯᠠᠬᠤ ᠶᠢ ᠳᠠᠭᠠᠭᠠᠴᠢᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠲᠤᠬᠠᠢ ᠮᠡᠳᠡᠭᠳᠡᠯ︾ ᠵᠢᠴᠢ ᠬᠤᠰᠢᠭᠤᠨ ᠤ ᠤᠳᠤᠷᠢᠳᠤᠯᠭ᠎ᠠ ᠶᠢᠨ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ ᠤᠨ ᠬᠤᠯᠪᠣᠭᠠᠯᠠᠯ ᠤᠨ ᠲᠣᠬᠢᠷᠠᠭᠤᠯᠤᠯᠲᠠ ᠶᠢ ᠤᠩᠰᠢᠨ ᠨᠡᠶᠢᠲᠡᠯᠡᠪᠡ᠃  ᠳᠠᠷᠠᠭ᠎ᠠ ᠨᠢ ᠠᠵᠤ ᠠᠬᠤᠶᠢᠯᠠᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠪᠠ᠃

稳经济1.jpg

      ᠸᠠᠩ ᠵᠢᠶᠦ᠋ᠨ ᠵᠢᠶᠧ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠡᠰ ᠰᠢᠭᠤᠷᠬᠠᠢ᠂ ᠴᠢᠨᠠᠷ ᠰᠠᠶᠢᠲᠠᠢ ᠥᠨᠳᠥᠷ ᠪᠦᠲᠦᠮᠵᠢᠲᠡᠶ᠂

ᠪᠥᠬᠦ ᠬᠦᠴᠦᠨ ᠢᠶᠠᠷ ᠢᠶᠠᠨ ᠪᠥᠬᠦ ᠬᠤᠰᠢᠭᠤᠨ ᠤ ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ

ᠲᠥᠷᠥ ᠶᠢᠨ ᠪᠣᠳᠣᠯᠭ᠎ᠠ ᠶᠢ ᠵᠤᠷᠪᠤᠰ ᠳᠠᠷᠠᠭᠠᠯᠠᠨ ᠵᠠᠯᠭᠠᠭᠤᠯᠵᠤ ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢᠨ ᠬᠠᠮᠲᠤ

ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠯ ᠤᠨ ᠡᠴᠦᠰ ᠠᠴᠠ ᠡᠮᠦᠨ᠎ᠡ ᠲᠣᠭᠲᠠᠭᠰᠠᠨ

ᠬᠤᠭᠤᠴᠠᠭᠠᠨ ᠳᠤ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃

     ᠸᠠᠩ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂

ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ

ᠦᠨᠡᠨᠬᠦ ᠲᠦᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠲᠤᠯᠠᠵᠤ᠂

ᠰᠠᠭᠤᠷᠢ ᠲᠥᠬᠦᠭᠡᠷᠦᠮᠵᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ

ᠠᠮᠢᠳᠤᠷᠠᠯ ᠵᠡᠷᠭᠡ ᠡᠯ᠎ᠡ ᠬᠦᠷᠢᠶᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠠᠷᠠᠯᠵᠢᠶᠠᠴᠢᠨ

ᠤᠷᠢᠵᠤ ᠪᠡᠯᠡ ᠣᠷᠣᠭᠤᠯᠬᠤ ᠶᠢ ᠨᠡᠩ ᠣᠨᠣᠪᠴᠢᠲᠠᠢ ᠪᠦᠲᠦᠮᠵᠢᠲᠡᠢ ᠥᠷᠨᠢᠭᠦᠯᠬᠦ ᠬᠡᠷᠡᠭᠲᠡᠢ︔ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡᠨ ᠤ ᠰᠠᠭᠠᠳ ᠦᠭᠡᠢ

ᠨᠡᠪᠲᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠡᠷᠡᠭᠯᠡᠭᠡᠨ ᠤ ᠲᠡᠮᠳᠡᠭᠲᠦ᠂ ᠵᠢᠭᠤᠯᠴᠢᠯᠠᠯ ᠤᠨ ᠵᠣᠭᠤᠰ ᠢ ᠣᠷᠣᠯᠠᠬᠤ ᠲᠡᠮᠳᠡᠭᠲᠦ ᠲᠠᠷᠬᠠᠭᠠᠬᠤ ᠵᠡᠷᠭᠡ

ᠬᠡᠷᠡᠭᠯᠡᠭᠡᠨ ᠤ ᠠᠵᠢᠯᠯᠠᠭ᠎ᠠ ᠶᠢ ᠠᠬᠢᠭᠤᠯᠬᠤ ᠪᠠᠷ ᠳᠠᠮᠵᠢᠭᠤᠯᠤᠨ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ ᠬᠡᠷᠡᠭᠲᠡᠢ ᠃ ᠠᠵᠢᠯ ᠣᠯᠭᠤᠯᠲᠠ᠂ ᠰᠤᠷᠭᠠᠨ

ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠰᠡᠳᠬᠢᠯ ᠲᠠᠯᠪᠢᠨ ᠬᠦᠴᠦ ᠲᠠᠯᠪᠢᠨ

ᠰᠠᠶᠢᠲᠤᠷ ᠬᠢᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ

ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ  ᠪᠣᠯᠤᠨ ᠪᠠᠶᠢᠰᠢᠩᠲᠦ ᠣᠷᠣᠨ ᠤ ᠥᠭᠡᠷᠡᠴᠢᠯᠡᠯᠲᠡ ᠶᠢᠨ

ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠪᠠᠶᠢᠩᠭᠤᠵᠢᠭᠰᠠᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠯᠤᠭᠠᠨ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠥᠪ ᠤᠨ ᠣᠷᠴᠢᠨ ᠲᠣᠭᠤᠷᠢᠨ ᠤ

ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠠᠶᠤᠯᠭᠦᠢ ᠦᠢᠯᠡᠳᠪᠦᠷᠢᠯᠡᠯ᠂ ᠦᠶᠡᠷ ᠢ

ᠰᠡᠷᠭᠡᠶᠢᠯᠡᠵᠦ ᠭᠠᠩ  ᠢ ᠳᠠᠷᠤᠬᠤ ᠠᠶᠤᠯ ᠠᠴᠠ ᠠᠪᠤᠷᠠᠬᠤ ᠪᠡᠯᠡᠳᠬᠡᠯ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ

ᠬᠡᠷᠡᠭᠲᠡᠢ᠃

稳经济2.jpg

      ᠸᠠᠩ ᠵᠢᠶᠦ᠋ᠨ ᠵᠢᠶᠧ ᠠᠵᠤ ᠠᠬᠤᠶᠢᠯᠠᠯᠲᠠᠳ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠨᠡᠨᠴᠢ ᠢᠲᠡᠭᠡᠮᠵᠢᠲᠡᠢ

ᠬᠠᠤᠯᠢ ᠶᠢ ᠰᠠᠬᠢᠵᠤ᠂ ᠡᠵᠡᠩᠨᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ

ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂

ᠬᠦᠴᠢᠷᠳᠡᠯ ᠤᠨ ᠳᠤᠮᠳᠠ ᠰᠢᠨ᠎ᠡ ᠵᠠᠮ ᠢ ᠨᠡᠭᠡᠭᠡᠬᠦ ᠬᠡᠷᠡᠭᠲᠡᠢ ᠭᠡᠵᠦ ᠬᠦᠰᠡᠪᠡ᠃

     

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ