ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠳᠤ ᠄ | 2022 ᠣᠨ ᠤ 6 ᠰᠠᠷ᠎ᠠ ᠶᠢᠨ 20 ᠤ ᠡᠳᠦᠷ ᠤᠨ ᠥᠷᠯᠥᠭᠡ᠂ ᠤᠷᠠᠳ ᠤᠨ ᠡᠮᠦᠨᠡᠲᠦ ᠬᠤᠰᠢᠭᠤᠨ ᠤ ᠬᠢᠯᠢ ᠳᠣᠲᠣᠷ᠎ᠠ ᠭᠡᠨᠡᠳᠲᠡ ᠰᠢᠷᠦᠭᠦᠨ ᠪᠣᠷᠣᠭᠠᠨ | ᠣᠷᠣᠭᠰᠠᠨ ᠠᠴᠠ ᠪᠣᠯᠵᠣ ᠬᠠᠷᠢᠶ᠎ᠠ ᠣᠷᠣᠨ ᠤ ᠬᠡᠰᠡᠭ ᠵᠠᠮ ᠤᠨ ᠬᠡᠰᠡᠭ ᠲᠤ ᠠᠭᠤᠯᠠᠨ ᠦᠶᠡᠷ ᠪᠠᠭᠤᠵᠤ ᠵᠠᠮ ᠤᠨ ᠬᠡᠰᠡᠭ ᠡᠪᠳᠡᠭᠳᠡᠬᠦ ᠦᠵᠡᠭᠳᠡᠯ ᠭᠠᠷᠴᠠᠶ᠃ ᠣᠳᠣ | 110 ᠤᠯᠤᠰ ᠤᠨ ᠵᠠᠮ ᠤᠨ 758 ᠺᠢᠯᠣᠮᠧᠲᠷ ᠲᠤ ᠰᠢᠷᠦᠭᠦᠨ ᠪᠣᠷᠣᠭᠠᠨ ᠠᠴᠠ ᠪᠣᠯᠵᠤ ᠵᠠᠮ ᠡᠪᠳᠡᠭᠳᠡᠵᠦ ᠲᠦᠷ ᠪᠢᠲᠡᠭᠦᠮᠵᠢᠯᠡᠭᠰᠡᠨ ᠪᠠᠶᠢᠳᠠᠯ ᠢ ᠳᠣᠣᠷᠠᠬᠢ ᠮᠡᠲᠦ | ᠵᠠᠷᠯᠠᠶ᠎ᠠ᠄ | ᠨᠢᠭᠡ᠂ ᠪᠢᠲᠡᠭᠦᠮᠵᠢᠯᠡᠭᠰᠡᠨ ᠵᠠᠮ 110 ᠤᠯᠤᠰ ᠤᠨ ᠵᠠᠮ ᠤᠨ 758 ᠺᠢᠯᠣᠮᠧᠲᠷ ᠲᠤ ᠪᠣᠶ᠃ | ᠬᠤᠶᠠᠷ᠂ ᠲᠣᠭᠤᠷᠢᠵᠤ ᠶᠠᠪᠤᠬᠤ ᠵᠠᠮ ᠱᠤᠭᠤᠮ᠄ ᠪᠠᠷᠠᠭᠤᠨ ᠠᠴᠠ ᠵᠡᠭᠦᠨᠰᠢᠬᠢ ᠲᠡᠷᠭᠡ ᠬᠥᠰᠬᠡ ᠬᠦᠩ ᠤᠨ ᠰᠦᠮ᠎ᠡ ᠶᠢᠨ ᠦᠨᠳᠦᠷ ᠬᠤᠷᠳᠣᠴᠠᠲᠣ ᠵᠠᠰᠠᠮᠠᠯ | ᠵᠠᠮ ᠤᠨ ᠠᠮᠠ ᠪᠠᠷ ᠭᠠᠷᠴᠦ ᠦᠨᠳᠦᠷ ᠬᠤᠷᠳᠣᠴᠠᠲᠣ ᠵᠠᠰᠠᠮᠠᠯ ᠵᠠᠮ ᠢᠶᠠᠷ ᠶᠠᠪᠤᠨ᠎ᠠ︔ ᠵᠡᠭᠦᠨ ᠠᠴᠠ ᠪᠠᠷᠠᠭᠤᠨᠰᠢ ᠶᠠᠪᠤᠬᠤ ᠲᠡᠷᠭᠡ ᠪᠠᠶᠠᠨᠬᠤᠸᠠ ᠥᠨᠳᠥᠷ ᠬᠤᠷᠳᠤᠴᠠᠲᠤ | ᠵᠠᠰᠠᠮᠠᠯ ᠵᠠᠮ ᠤᠨ ᠠᠮᠠ ᠪᠠᠷ ᠭᠠᠷᠴᠦ ᠥᠨᠳᠥᠷ ᠬᠤᠷᠳᠣᠴᠠᠲᠣ ᠵᠠᠰᠠᠮᠠᠯ ᠵᠠᠮ ᠢᠶᠠᠷ ᠶᠠᠪᠤᠨ᠎ᠠ᠃ | ᠵᠠᠮ ᠪᠢᠲᠡᠭᠦᠮᠵᠢᠯᠡᠭᠰᠡᠨ ᠬᠤᠭᠤᠴᠠᠭᠠᠨ ᠳᠤ᠂ ᠠᠯᠢᠪᠠ ᠲᠡᠷᠭᠡ ᠪᠦᠷ ᠡᠨᠡ ᠵᠠᠮ ᠢᠶᠠᠷ ᠨᠡᠪᠲᠡᠷᠡᠬᠦ ᠶᠢ ᠴᠠᠭᠠᠵᠠᠯᠠᠨ᠎ᠠ᠃ ᠥᠷᠭᠡᠨ ᠣᠯᠠᠨ ᠵᠠᠮ ᠬᠠᠷᠢᠯᠴᠠᠭᠠᠨ ᠤ | ᠣᠷᠣᠯᠴᠠᠭᠴᠢ ᠳᠤ ᠠᠪᠴᠢᠷᠠᠭᠰᠠᠨ ᠶᠠᠷᠰᠢᠭ ᠢ ᠠᠭᠤᠴᠢᠯᠠᠭᠠᠷᠠᠶ᠃ ᠪᠢᠲᠡᠭᠦᠮᠵᠢᠯᠡᠯ ᠢ ᠲᠠᠶᠢᠯᠬᠤ ᠪᠣᠳᠠᠲᠠᠶ ᠴᠠᠭ ᠢ ᠠᠰ ᠲᠤᠨᠢ ᠮᠡᠳᠡᠭᠳᠡᠨ᠎ᠡ᠃ | | ᠤᠷᠠᠳ ᠤᠨ ᠡᠮᠦᠨᠡᠲᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | | 2022 ᠣᠨ ᠤ 6 ᠰᠠᠷ᠎ᠠ ᠶᠢᠨ 20 ᠤ ᠡᠳᠦᠷ | |