ᠬᠡᠪ ᠤᠨ ᠪᠠᠶᠢᠳᠠᠯ ᠳᠤ ᠪᠠᠨ ᠣᠷᠣᠵᠣ ᠪᠠᠶᠢᠨ᠎ᠠ
ᠨᠡᠶᠢᠲᠡᠯᠡᠭᠰᠡᠨ ᠴᠠᠭ᠄
2022/6/21
      ᠬᠢᠵᠢᠭ ᠤᠨ ᠪᠠᠶᠢᠳᠠᠯ ᠨᠠᠮᠳᠠᠬᠤ ᠶᠢ ᠳᠠᠭᠠᠯᠳᠤᠨ᠂ ᠤᠯᠤᠰ  ᠤᠨ ᠳᠣᠲᠣᠭᠠᠳᠤ  ᠶᠢᠨ  ᠠᠷᠠᠳ ᠤᠨ ᠠᠭᠠᠷ  ᠤᠨ ᠵᠦᠭᠡᠭᠡᠪᠦᠷᠢ ᠶᠢᠨ ᠵᠠᠬ᠎ᠠ ᠳᠡᠯᠭᠡᠭᠦᠷ ᠰᠠᠶᠢᠵᠢᠷᠠᠬᠤ ᠬᠠᠨᠳᠣᠰᠢ ᠲᠠᠢ ᠪᠤᠯᠵᠤ ᠪᠤᠢ᠃ ᠡᠶᠢᠨᠬᠦ ᠨᠢᠰᠬᠡᠯ ᠤᠨ ᠪᠢᠯᠧᠲ ᠤᠨ ᠦᠨ᠎ᠠ ᠴᠤ ᠲᠠᠭᠠᠯᠳᠤᠨ ᠦᠰᠴᠤ᠂ ᠬᠤᠶᠠᠷ ᠪᠣᠶᠣ ᠭᠤᠷᠪᠡᠡ ᠬᠤᠪᠢ ᠪᠠᠷ ᠬᠢᠮᠳᠡᠷᠡᠭᠤᠯᠤᠨ ᠬᠤᠳᠡᠯᠳᠤᠬᠤ ᠨᠢᠰᠬᠡᠯ  ᠤᠨ ᠪᠢᠯᠧᠲ ᠢ ᠤᠯᠳᠡᠬᠤ ᠦᠭᠡᠶ ᠪᠣᠯᠵᠠᠢ᠃ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠢ ᠴᠤ ᠵᠡᠯᠭᠠᠪᠡᠷ ᠦᠰᠬᠡᠵᠤ ᠪᠡᠶᠢᠬᠤ ᠪᠦᠬᠡᠳ ᠵᠤᠨ  ᠤ ᠠᠮᠠᠷᠠᠯᠲᠠ  ᠶᠢᠨ ᠬᠤᠭᠤᠴᠠᠭᠠᠨ ᠤ ᠵᠤᠭᠠᠴᠠᠬᠤ ᠪᠠᠷ ᠭᠠᠷᠬᠤ ᠬᠦᠭᠵᠢᠶᠡᠨᠳᠤ ᠤᠯᠠᠷᠢᠯ ᠣᠶᠢᠷᠠᠳᠴᠤ ᠪᠠᠶᠢᠭ᠎ᠠ ᠪᠣᠯᠬᠤᠷ ᠨᠢᠰᠬᠡᠯ  ᠤᠨ ᠪᠢᠯᠧᠲ ᠤᠨ ᠦᠨ᠎ᠡ ᠠᠭᠠᠵᠢᠮ ᠢᠶᠠᠷ ᠬᠡᠪ  ᠤᠨ ᠪᠠᠶᠢᠳᠠᠯ  ᠳᠠᠭᠠᠨ ᠣᠷᠣᠵᠤ ᠪᠠᠶᠢᠨ᠎ᠠ᠃             ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ  ᠢᠯᠡᠷᠬᠡᠶᠢᠯᠡᠭᠰᠡᠨ ᠢᠶᠠᠷ᠂ ᠠᠭᠠᠷ ᠠᠶᠠᠯᠠᠯ ᠤᠨ ᠵᠠᠬ᠎ᠠ ᠳᠡᠯᠭᠡᠭᠦᠷ ᠰᠡᠷᠬᠦᠨ ᠰᠠᠶᠢᠵᠢᠷᠠᠵᠤ ᠪᠡᠶᠢᠬᠤ ᠶᠢ ᠲᠠᠭᠠᠯᠳᠤᠨ᠂ ᠨᠢᠰᠬᠡᠯ ᠤᠨ ᠪᠢᠯᠧᠲ ᠤᠨ ᠦᠨ᠎ᠡ ᠯᠠᠪᠲᠠᠢ ᠢᠳᠡᠭ ᠢᠳᠡᠭ ᠢᠶᠠᠷ ᠬᠡᠪ ᠤᠨ ᠬᠢᠷᠢ ᠲᠦᠪᠰᠢᠨ ᠳᠡᠭᠡᠨ ᠬᠦᠷᠬᠦ ᠪᠣᠯᠣᠨ᠎ᠠ᠃ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠴᠤ ᠤᠯᠤᠰ ᠤᠨ ᠳᠣᠲᠣᠭᠠᠳᠤ ᠶᠢᠨ ᠨᠢᠰᠬᠡᠯ ᠤᠨ ᠪᠢᠯᠧᠲ ᠤᠨ ᠦᠨ᠎ᠡ ᠶᠢᠨ ᠬᠢᠨᠠᠨ ᠬᠡᠮᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ ᠬᠡᠵᠡᠢ᠃          
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋