︽  ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2022/6/23
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 20 ᠤ ᠴᠠᠬᠢᠯᠭᠠᠨ ᠮᠡᠳᠡᠭᠡ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠰᠢ ᠶᠢᠨ  ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶ ᠭᠡᠬᠦ ᠨᠣᠮ ᠢ  ᠵᠣᠬᠢᠶᠠᠨ ᠪᠠᠶᠢᠭᠤᠯᠤᠨ ᠨᠠᠶᠢᠷᠠᠭᠤᠯᠵᠤ᠂ ᠠᠷᠠᠳ ᠤᠨ ᠬᠡᠪᠯᠡᠯ ᠤᠨ ᠬᠤᠷᠢᠶ᠎ᠠ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠲᠤᠰ  ᠡᠳᠦᠷ ᠠᠴᠠ ᠡᠬᠢᠯᠡᠨ ᠪᠦᠬᠦ ᠤᠯᠤᠰ ᠲᠤ ᠲᠠᠷᠬᠠᠭᠠᠪᠠ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ  ᠵᠣᠭᠰᠣᠨ ᠠᠯᠤᠰ ᠢ ᠪᠡᠷᠡᠯᠡᠵᠦ᠂ ᠪᠥᠬᠦ ᠲᠠᠯ᠎ᠠ ᠶᠢ ᠬᠠᠮᠤᠷᠤᠨ᠂ ᠶᠡᠭᠡ ᠬᠠᠨᠳᠤᠰᠢ ᠶᠢ ᠡᠵᠡᠮᠳᠡᠵᠦ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ  ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ ᠲᠡᠦᠬᠡᠲᠦ ᠴᠢᠨᠠᠷᠲᠠᠢ ᠠᠮᠵᠢᠯᠲᠠ  ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ᠂ ᠦᠢᠯᠡᠳᠦᠯᠭᠡ ᠶᠢᠨ ᠳᠤᠮᠳᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ  ᠪᠦᠷᠢᠯᠳᠦᠭᠦᠯᠦᠨ ᠬᠥᠭᠵᠢᠭᠦᠯᠵᠡᠢ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠰᠲ᠋ᠧᠮ ᠴᠢᠩᠭ᠎ᠠ ᠲᠥᠪᠯᠡᠭᠦᠨ᠂ ᠠᠭᠤᠯᠬᠤᠨ ᠪᠠᠶᠠᠯᠢᠭ᠂ ᠥᠷᠭᠡᠨ  ᠳᠡᠯᠭᠡᠷ ᠭᠦᠨ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢ ᠬᠡᠷᠬᠢᠨ ᠦᠵᠡᠬᠦ᠂ ᠶᠠᠭᠠᠬᠢᠵᠤ ᠬᠢᠬᠦ ᠵᠡᠷᠭᠡ ᠠᠯᠢ ᠣᠯᠠᠨ ᠴᠢᠬᠤᠯᠠ  ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ  ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ ᠦᠵᠡᠯ ᠰᠠᠨᠠᠭᠠᠨ ᠤ ᠣᠬᠢ  ᠲᠠᠯᠠᠰᠲᠤ ᠮᠥᠨ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ ᠣᠳᠣ ᠦᠶ᠎ᠡ ᠶᠢᠨ ᠳᠤᠮᠳᠠᠳᠤ ᠤᠯᠤᠰ᠂ 21 ᠳ᠋ᠦ᠋ᠭᠡᠷ ᠵᠠᠭᠤᠨ ᠳᠠᠬᠢ  ᠳᠡᠯᠡᠬᠡᠢ ᠶᠢᠨ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠮᠥᠨ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠨᠡᠶᠢᠭᠡᠮ ᠵᠢᠷᠤᠮᠲᠤ  ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨᠵᠢᠯᠡᠬᠦ ᠤᠬᠠᠭᠠᠨᠴᠢ ᠵᠦᠭᠯᠡᠭᠦᠷ ᠮᠥᠨ᠃            ︽ᠬᠥᠲᠥᠯᠪᠦᠷᠢ︾ ᠨᠢ ᠨᠡᠶᠢᠲᠡ 15 ᠪᠦᠯᠦᠭ᠂ 58 ᠵᠤᠷᠪᠤᠰ᠂ 146 ᠵᠦᠢᠯ᠂ 10 ᠲᠦᠮᠡᠨ ᠦᠰᠦᠭ ᠲᠠᠢ᠃ ᠪᠦᠬᠦ ᠨᠣᠮ ᠳᠤ ᠰᠢ ᠶᠢᠨ ᠫᠢᠩ ᠤᠨ ᠠᠵᠤ  ᠠᠬᠤᠢ ᠶᠢᠨ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ  ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭᠠᠨ ᠤ ᠠᠵᠤ ᠠᠬᠤᠢ ᠶᠢᠨ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠲᠤᠰᠬᠠᠪᠠ᠃ ︽ᠬᠥᠲᠥᠯᠪᠦᠷᠢ︾ ᠶᠢᠨ  ᠠᠭᠤᠯᠭ᠎ᠠ ᠨᠢ ᠪᠠᠶᠠᠯᠢᠭ᠂ ᠪᠦᠲᠦᠴᠡ ᠨᠢ ᠨᠢᠭᠲᠠ ᠴᠢᠩᠭ᠎ᠠ᠂ ᠤᠭ ᠵᠣᠬᠢᠶᠠᠯ ᠤᠭ ᠪᠦᠲᠦᠭᠡᠯ ᠢ ᠰᠢᠳᠤᠷᠭᠤ ᠪᠠᠷ ᠢᠯᠡᠷᠡᠭᠦᠯᠵᠦ᠂ ᠵᠣᠬᠢᠶᠠᠯ ᠤᠨ ᠰᠤᠷᠲᠠᠯ ᠨᠢ  ᠠᠮᠢᠳᠤᠯᠢᠭ ᠪᠣᠷᠣᠭᠵᠢᠭᠤᠨ ᠪᠠᠶᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ  ᠴᠢᠬᠤᠯᠠ ᠬᠠᠪᠰᠤᠷᠤᠮᠵᠢ ᠪᠤᠯᠬᠤ ᠤᠩᠰᠢᠬᠤ ᠪᠢᠴᠢᠭ ᠪᠣᠯᠣᠨ᠎ᠠ᠃            ᠲᠥᠪ ᠤᠨ ᠤᠬᠠᠭᠤᠯᠬᠤ ᠬᠡᠯᠲᠡᠰ ᠮᠡᠳᠡᠭᠳᠡᠯ ᠨᠡᠶᠢᠲᠡᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠬᠥᠲᠥᠯᠪᠦᠷᠢ ︾ ᠶᠢ  ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠴᠠᠭ ᠲᠤᠬᠠᠢ ᠳᠤᠨᠢ ᠠᠮᠵᠢᠨ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠶᠢ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠩ ᠢᠯᠡᠭᠦᠦ ᠤᠬᠠᠮᠰᠠᠷ ᠠᠴᠠ ᠪᠠᠨ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠠᠷ ᠵᠢᠯᠣᠭᠤᠳᠤᠭᠤᠯᠵᠤ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ  ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ  ᠪᠦᠲᠦᠭᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂  ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ  ᠬᠡᠷᠡᠭᠲᠡᠢ ᠭᠡᠵᠦ ᠱᠠᠭᠠᠷᠳᠠᠪᠠ᠃       
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ