ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ | ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠥᠭᠦᠯᠡᠬᠦ ᠨᠢ︾ | ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃ | ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠨᠠᠮ ᠤᠨ ᠵᠠᠯᠠᠭᠤᠴᠤᠳ ᠤᠨ ᠠᠵᠢᠯ ᠤᠨ ᠲᠤᠬᠠᠢ 60 ᠴᠢᠬᠤᠯᠠ | ᠵᠣᠬᠢᠶᠠᠯ ᠢ ᠣᠷᠣᠭᠤᠯᠪᠠ᠃ ᠡᠭᠦᠨ ᠳᠤ ᠬᠡᠰᠡᠭ ᠵᠣᠬᠢᠶᠠᠯ ᠢ ᠨᠢ ᠠᠩᠬ᠎ᠠ ᠤᠳᠠᠭ᠎ᠠ ᠢᠯᠡ ᠨᠡᠶᠢᠲᠡᠯᠡᠵᠦ ᠪᠠᠶᠢᠨ᠎ᠠ᠃ | ᠵᠠᠯᠠᠭᠤᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠰᠠ ᠴᠤ ᠨᠠᠮ ᠤᠨ ᠢᠷᠡᠭᠡᠳᠦᠢ ᠪᠠ ᠬᠦᠰᠡᠯ ᠡᠷᠡᠮᠡᠯᠵᠡᠯ | ᠮᠥᠨ᠃ ᠥᠷᠭᠡᠨ ᠤᠯᠠᠨ ᠵᠠᠯᠠᠭᠤᠴᠤᠳ ᠢ ᠲᠥᠯᠥᠭᠡᠯᠡᠵᠦ᠂ ᠥᠷᠭᠡᠨ ᠤᠯᠠᠨ ᠵᠠᠯᠠᠭᠤᠴᠤᠳ ᠤᠨ ᠬᠦᠷᠢᠶᠡᠯᠡᠯ ᠢ ᠣᠯᠵᠤ᠂ ᠥᠷᠭᠡᠨ ᠤᠯᠠᠨ ᠵᠠᠯᠠᠭᠤᠴᠤᠳ ᠲᠤ | ᠲᠦᠰᠢᠭᠯᠡᠬᠦ ᠪᠣᠯ ᠮᠠᠨ ᠤ ᠨᠠᠮ ᠤᠨ ᠢᠯᠠᠯᠲᠠ ᠠᠴᠠ ᠢᠯᠠᠯᠲᠠ ᠵᠦᠭ ᠲᠠᠰᠤᠷᠠᠯᠳᠠ ᠦᠭᠡᠢ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠦᠢᠯᠡᠰ ᠤᠨ ᠦᠶ᠎ᠡ ᠳᠠᠮᠵᠢᠨ | ᠤᠯᠠᠮᠵᠢᠯᠠᠭᠳᠠᠬᠤ ᠪᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢ ᠦᠨᠡᠨ ᠬᠦ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠵᠠᠯᠠᠭᠤᠴᠤᠳ ᠤᠨ ᠠᠵᠢᠯ ᠳᠠᠬᠢ | ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠲᠥᠪ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ | ᠬᠤᠷᠠᠯ ᠢ ᠬᠤᠷᠠᠯᠳᠤᠭᠤᠯᠵᠤ᠂ ᠰᠢᠨ᠎ᠡ ᠳᠤᠮᠳᠠᠳᠤ ᠤᠯᠤᠰ ᠤᠨ ᠲᠡᠦᠬᠡᠨ ᠳᠡᠭᠡᠷᠡᠬᠢ ᠠᠩᠬᠠᠳᠠᠭᠴᠢ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠨᠡᠶᠢᠲᠡᠯᠡᠵᠦ᠂ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠨᠠᠮ ᠤᠨ ᠲᠥᠪ ᠬᠤᠷᠢᠶᠠᠨ ᠤ ᠨᠡᠷ᠎ᠡ ᠪᠠᠷ ᠨᠡᠶᠢᠲᠡᠯᠡᠭᠰᠡᠨ ᠪᠠᠭᠠᠴᠤᠳ ᠤᠨ ᠬᠤᠰᠢᠭᠤᠴᠢ ᠠᠩᠭᠢ ᠶᠢᠨ | ᠠᠵᠢᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢ ᠪᠠᠶᠢᠷᠢᠯᠠᠭᠤᠯᠵᠤ᠂ ᠵᠠᠯᠠᠭᠤᠴᠤᠳ ᠤᠨ | ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠰᠢ ᠶᠢᠨ ᠫᠢᠩ ᠨᠥᠬᠦᠷ ᠤᠨ ᠨᠠᠮ ᠤᠨ ᠵᠠᠯᠠᠭᠤᠴᠤᠳ ᠤᠨ ᠠᠵᠢᠯ ᠤᠨ ᠲᠣᠭᠤᠷᠢᠨ ᠳᠤ | ᠨᠡᠶᠢᠲᠡᠯᠡᠭᠰᠡᠨ ᠴᠢᠬᠤᠯᠠ ᠥᠭᠦᠯᠡᠯᠲᠡ ᠨᠦᠭᠦᠳ ᠨᠢ ᠨᠠᠮ ᠤᠨ ᠵᠠᠯᠠᠭᠤᠴᠤᠳ ᠤᠨ ᠠᠵᠢᠯ ᠤᠨ ᠪᠠᠶᠢᠷᠢ ᠰᠠᠭᠤᠷᠢ ᠦᠢᠯᠡᠳᠦᠯ᠂ ᠬᠠᠷᠠᠯᠲᠠ ᠡᠭᠦᠷᠭᠡ᠂ ᠡᠭᠦᠷᠭᠡ | ᠬᠠᠷᠢᠭᠤᠴᠠᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠥᠭᠦᠯᠡᠨ ᠲᠣᠳᠣᠷᠬᠠᠶᠢᠯᠠᠵᠤ᠂ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠵᠠᠯᠠᠭᠤᠴᠤᠳ ᠢ | ᠬᠥᠮᠥᠵᠢᠭᠦᠯᠬᠦ᠂ ᠵᠠᠯᠠᠭᠤᠴᠤᠳ ᠢ ᠬᠡᠷᠬᠢᠨ ᠬᠥᠮᠥᠵᠢᠭᠦᠯᠬᠦ᠂ ᠶᠠᠮᠠᠷ ᠶᠠᠩᠵᠤ ᠶᠢᠨ ᠡᠪ ᠬᠠᠮᠲᠤ ᠵᠠᠯᠠᠭᠤᠴᠤᠳ ᠤᠨ ᠡᠪᠯᠡᠯ ᠢ ᠪᠠᠶᠢᠭᠤᠯᠬᠤ᠂ ᠡᠪ ᠬᠠᠮᠲᠤ ᠵᠠᠯᠠᠭᠤᠴᠤᠳ ᠤᠨ | ᠡᠪᠯᠡᠯ ᠢ ᠬᠡᠷᠬᠢᠨ ᠪᠠᠶᠢᠭᠤᠯᠬᠤ ᠵᠡᠷᠭᠡ ᠴᠢᠭᠯᠡᠯ ᠤᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠰᠡᠳᠦᠪ ᠲᠤ | ᠭᠦᠨᠵᠡᠭᠡᠢ ᠬᠠᠷᠢᠭᠤᠯᠲᠠ ᠥᠭᠴᠦ᠂ ᠮᠠᠨ ᠤ ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠰᠢᠨ᠎ᠡ ᠥᠨᠳᠥᠷᠴᠡ ᠳᠤ | ᠬᠦᠷᠭᠡᠵᠦ᠂ ᠰᠢᠨ᠎ᠡ ᠴᠠᠭ ᠦᠶ᠎ᠡ ᠶᠢᠨ ᠨᠠᠮ ᠤᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠨ᠂ | ᠦᠨᠳᠦᠰᠦᠨ ᠵᠢᠷᠤᠮᠯᠠᠯ ᠬᠠᠩᠭᠠᠵᠤ᠂ ᠥᠷᠭᠡᠨ ᠣᠯᠠᠨ ᠵᠠᠯᠠᠭᠤᠴᠤᠳ ᠢ ᠨᠡᠩ ᠰᠠᠶᠢᠲᠤᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠳᠠᠶᠢᠴᠢᠯᠠᠵᠤ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠲᠡᠮᠡᠴᠡᠭᠦᠯᠬᠦ ᠳᠤ ᠮᠠᠰᠢ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ᠃ | |