ᠤᠯᠠᠭᠠᠨᠮᠥ᠋ᠴᠢᠷ ᠤᠨ ᠠᠭᠤᠳᠠᠮ ᠲᠠᠯᠠᠪᠠᠶ ᠤᠳᠠᠯ ᠥᠬᠡᠶ ᠭᠠᠳᠠᠭᠰᠢ ᠨᠡᠭᠡᠭᠡᠯᠲᠡ ᠬᠢᠬᠦ ᠪᠣᠯᠣᠨ᠎ᠠ
ᠨᠡᠶᠢᠲᠡᠯᠡᠭᠰᠡᠨ ᠴᠠᠭ᠄
2022/6/23
      ᠣᠶᠢᠷ᠎ᠠ ᠶᠢᠨ ᠡᠳᠦᠷ᠂ ᠰᠤᠷᠪᠤᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠠᠭᠤᠳᠠᠮ ᠲᠠᠯᠠᠪᠠᠶ ︵ᠪᠡᠶ᠎ᠡ  ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ︶ ᠶᠢᠨ ᠲᠥᠷᠥᠯ  ᠵᠦᠢᠯ ᠤᠨ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠵᠦ᠂ ᠪᠠᠷᠢᠯᠭ᠎ᠠ ᠳᠠᠭᠤᠰᠴᠤ ᠰᠢᠯᠭᠠᠨ ᠠᠪᠬᠤ ᠱᠠᠲᠤᠨ ᠳᠤ ᠣᠷᠣᠵᠤ᠂ ᠣᠳᠠᠯ ᠦᠭᠡᠢ ᠨᠡᠭᠡᠭᠡᠯᠲᠡ ᠬᠢᠵᠤ ᠪᠥᠬᠦ ᠠᠷᠠᠳ ᠲᠤ ᠬᠠᠨᠳᠣᠭᠤᠯᠬᠤ ᠪᠠᠷ ᠪᠠᠶᠢᠨ᠎ᠠ᠃

广场1.png

      ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠠᠭᠤᠳᠠᠮ ᠲᠠᠯᠠᠪᠠᠶ ︵ᠪᠡᠶ᠎ᠡ  ᠲᠠᠮᠢᠷ ᠰᠣᠶᠣᠯ ᠤᠨ ᠠᠵᠤ  ᠦᠢᠯᠡᠰ ᠤᠨ ᠬᠦᠷᠢᠶᠡᠯᠡᠩ︶ ᠶᠢᠨ

ᠲᠥᠷᠥᠯ ᠵᠦᠢᠯ ᠪᠣᠯ ᠪᠠᠶᠠᠨᠨᠠᠭᠤᠷ ᠬᠤᠲᠠ ᠶᠢᠨ ᠠᠩᠬᠠᠳᠠᠭᠴᠢ ᠴᠢᠳᠠᠮᠵᠢ ᠪᠠᠷ ᠬᠠᠮᠤᠭ ᠤᠨ ᠪᠦᠷᠢᠨ᠂ ᠲᠠᠯᠠᠪᠠᠶ ᠪᠠᠷ ᠬᠠᠮᠤᠭ ᠤᠨ ᠶᠡᠭᠡ ᠪᠡᠶ᠎ᠡ ᠲᠠᠮᠢᠷ ᠤᠨ ᠠᠵᠤ

ᠦᠢᠯᠡᠰ ᠤᠨ ᠬᠦᠷᠢᠶᠡᠯᠡᠩ ᠪᠣᠯᠤᠨ᠎ᠠ᠂ ᠶᠡᠷᠦᠩᠬᠡᠶ ᠲᠠᠯᠠᠪᠠᠶ ᠨᠢ ᠪᠠᠷᠤᠭ 27.4  ᠲᠦᠮᠡᠨ㎡ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 4 . 4 

ᠲᠦᠮᠡᠨ㎡  ᠪᠣᠯᠣᠨ᠎ᠠ᠃ ᠲᠣᠰ ᠲᠥᠷᠥᠯ ᠵᠦᠢᠯ ᠢ 2017 ᠣᠨ ᠤ 5 ᠰᠠᠷ᠎ᠠ ᠶᠢᠨ 10 ᠤ ᠡᠳᠦᠷ ᠠᠴᠠ ᠡᠬᠢᠯᠡᠨ ᠪᠥᠲᠥᠭᠡᠨ ᠪᠠᠶᠢᠭᠤᠯᠵᠤ᠂ ᠰᠣᠶᠣᠯ ᠲᠠᠮᠢᠷ ᠤᠨ

ᠲᠥᠪ᠂ ᠤᠷᠠᠯᠢᠭ ᠤᠨ ᠣᠷᠳᠣᠨ᠂ ᠶᠡᠷᠦᠩᠬᠡᠶᠢᠯᠡᠭᠰᠡᠨ ᠪᠣᠯᠪᠠᠰᠤᠷᠠᠯ ᠤᠨ ᠣᠷᠳᠣᠨ᠂ ᠦᠨᠳᠦᠰᠦᠲᠡᠨ ᠤ ᠣᠷᠳᠣᠨ᠂  ᠦᠢᠯᠡᠰ ᠴᠣᠭᠴᠠᠯᠠᠬᠤ ᠲᠥᠪ ᠵᠡᠷᠭᠡ ᠶᠢ

ᠲᠣᠬᠢᠷᠠᠭᠤᠯᠵᠠᠶ᠃

广场2.png

       ᠤᠷᠠᠳ ᠤᠨ ᠡᠮᠦᠨᠡᠲᠦ ᠬᠤᠰᠢᠭᠤᠨ ᠤ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ  ᠵᠦᠢᠯ  ᠳᠤ ᠲᠠᠩ ᠴᠣᠭᠴᠠ ᠶᠢᠨ

ᠲᠥᠷᠥᠯ ᠵᠦᠢᠯ ᠨᠡᠯᠢᠶᠡᠳ ᠣᠯᠠᠨ ᠪᠣᠯᠬᠤᠷ᠂ 2021 ᠣᠨ ᠤ 12 ᠰᠠᠷ᠎ᠠ ᠶᠢᠨ 14 ᠤ ᠡᠳᠦᠷ ᠲᠠᠪᠤᠨ ᠲᠠᠯ᠎ᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ

ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠣᠲᠣ ᠨᠢᠭᠡᠨᠲᠡ ᠬᠢᠨᠠᠨ ᠰᠢᠯᠭᠠᠬᠤ ᠱᠠᠲᠤᠨ ᠳᠤ ᠣᠷᠣᠵᠤ᠂ ᠬᠢᠨᠠᠨ ᠰᠢᠯᠭᠠᠯᠲᠠ ᠳᠠᠭᠤᠰᠤᠭᠰᠠᠨ ᠤ ᠳᠠᠷᠠᠭ᠎ᠠ ᠲᠥᠷᠥᠯ

ᠵᠦᠢᠯ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠪᠡᠶ᠎ᠡ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ

ᠨᠡᠭᠡᠭᠡᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠪᠣᠯᠤᠨ᠎ᠠ᠃

广场3.png

       ᠲᠠᠪᠤᠨ ᠶᠡᠭᠡ ᠰᠣᠶᠣᠯ ᠪᠡᠶ᠎ᠡ ᠲᠠᠮᠢᠷ ᠤᠨ ᠬᠥᠳᠡᠯᠭᠡᠭᠡᠨ ᠤ ᠲᠠᠯᠠᠪᠤᠷ ᠣᠷᠳᠣᠨ ᠠᠴᠠ ᠭᠠᠳᠠᠨ᠎ᠠ᠂ ᠤᠷᠠᠳ ᠤᠨ ᠡᠮᠦᠨᠡᠲᠦ ᠬᠤᠰᠢᠭᠤᠨ ᠤ

ᠤᠯᠠᠭᠠᠨᠮᠥ᠋ᠴᠢᠷ ᠤᠨ ᠠᠭᠤᠳᠠᠮ ᠲᠠᠯᠠᠪᠠᠶ ︵ᠪᠡᠶ᠎ᠡ ᠶᠢᠨ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ︶ ᠳᠤ ᠪᠠᠰᠠ ᠬᠡᠷ ᠤᠨ ᠭᠠᠳᠠᠨᠠᠬᠢ ᠪᠡᠶ᠎ᠡ

ᠴᠢᠭᠢᠷᠠᠭᠵᠢᠭᠤᠯᠬᠤ ᠲᠠᠯᠠᠪᠤᠷ ᠪᠣᠶ᠂ ᠡᠭᠦᠨ ᠳᠤ 2 ᠪᠠᠷᠢᠮᠵᠢᠶᠠᠲᠤ ᠬᠥᠯ ᠪᠥᠮᠪᠦᠭᠡ ᠶᠢᠨ ᠲᠠᠯᠠᠪᠤᠷ ︵ᠡᠭᠦᠨ ᠳᠤ ᠨᠢᠭᠡ ᠨᠢ ᠬᠦᠨᠳᠦ ᠬᠥᠩᠭᠡᠨ ᠲᠠᠮᠢᠷ ᠤᠨ

ᠭᠦᠶᠦᠯᠲᠡ ᠶᠢᠨ ᠵᠠᠮ ᠲᠠᠢ︶᠂ 2 ᠲᠠᠪᠤᠨ ᠬᠥᠮᠦᠨ ᠤ ᠳᠦᠷᠢᠮᠲᠦ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠤᠷ᠂ 8 ᠰᠠᠭᠰᠤᠨ ᠪᠥᠮᠪᠦᠭᠡ ᠶᠢᠨ ᠲᠠᠯᠠᠪᠤᠷ᠂

2 ᠡᠭᠦᠳᠡᠨ ᠪᠥᠮᠪᠦᠭᠡ ᠶᠢᠨ ᠲᠠᠯᠠᠪᠤᠷ᠂ 9 ᠥᠲᠥᠨ ᠪᠥᠮᠪᠦᠭᠡ ᠶᠢᠨ ᠲᠠᠯᠠᠪᠤᠷ᠂ 9 ᠫᠢᠩᠫᠠᠩ ᠪᠥᠮᠪᠦᠭᠡ ᠶᠢᠨ ᠲᠠᠯᠠᠪᠤᠷ᠂ 3 ᠠᠯᠠᠭᠠᠳᠠᠬᠤ ᠪᠥᠮᠪᠦᠭᠡ ᠶᠢᠨ ᠲᠠᠯᠠᠪᠤᠷ᠂

2 ᠲᠤᠤᠷ ᠪᠥᠮᠪᠦᠭᠡ ᠶᠢᠨ ᠲᠠᠯᠠᠪᠤᠷ᠂ 1 ᠬᠡᠦᠬᠡᠳ ᠤᠨ ᠴᠡᠩᠭᠡᠯ ᠤᠨ ᠬᠦᠷᠢᠶᠡᠯᠡᠩ᠂ 70 ᠭᠠᠷᠤᠶ ᠪᠡᠶ᠎ᠡ ᠴᠢᠭᠢᠷᠠᠭᠵᠢᠭᠤᠯᠬᠤ ᠠᠷᠭ᠎ᠠ ᠪᠡᠷᠢᠯ  ᠵᠢᠴᠢ ᠪᠠᠭᠠᠵᠢ ᠬᠡᠷᠡᠭᠰᠡᠯ

ᠪᠠᠭᠲᠠᠨ᠎ᠠ᠃

广场4.png

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ