ᠲᠠᠷᠢᠶᠠᠯᠠᠩ ᠤᠨ ᠪᠣᠷᠳᠤᠭᠤᠷ ᠢ ᠬᠡᠷᠡᠭᠯᠡᠵᠦ᠂ ᠣᠨᠴᠠᠭᠠᠶᠢᠯᠠᠨ ᠴᠢᠨᠠᠷ ᠢᠶᠠᠷ ᠰᠢᠯᠢᠳᠡᠭ ᠰᠠᠶᠢᠨ ᠠᠮᠢᠲᠦ ᠪᠤᠳᠠᠰ ᠤᠨ ᠤᠷᠭᠠᠨᠢᠭ ᠪᠣᠷᠳᠤᠭᠤᠷ ᠢ ᠰᠤᠩᠭᠤᠨ | ᠬᠡᠷᠡᠭᠯᠡᠨ᠎ᠡ᠃ ᠠᠽᠤᠲ᠂ ᠹᠣᠰᠹᠣᠷ᠂ ᠺᠠᠯᠢ ᠬᠡᠷᠪᠡ ᠳᠤᠲᠠᠭᠳᠠᠪᠠᠯ᠂ ᠠᠽᠤᠲ ᠬᠦᠴᠢᠯ ᠤᠨ ᠨᠡᠶᠢᠯᠡᠮᠡᠯ ᠪᠣᠷᠳᠤᠭᠤᠷ ᠢ ᠬᠡᠷᠡᠭᠯᠡᠨ ᠨᠦᠬᠦᠪᠦᠷᠢᠯᠡᠵᠦ᠂ ᠵᠢᠮᠢᠰ ᠤᠨ | ᠮᠣᠳᠤᠨ ᠤ ᠤᠨᠠᠭᠰᠠᠨ ᠨᠠᠪᠴᠢ᠂ ᠡᠪᠡᠰᠦ᠂ ᠡᠰᠢ ᠶᠢᠨ ᠰᠦᠷᠡᠯ ᠢ ᠨᠤᠨᠳᠠᠭᠯᠠᠭᠰᠠᠨ ᠤ ᠳᠠᠷᠠᠭ᠎ᠠ ᠬᠦᠷᠦᠰᠦᠨ ᠳᠣᠣᠷ᠎ᠠ ᠪᠣᠯᠠᠪᠠᠯ᠂ ᠬᠦᠷᠦᠰᠦ ᠰᠢᠷᠤᠢ ᠶᠢᠨ ᠠᠭᠠᠷ | ᠨᠡᠪᠲᠡᠷᠡᠬᠦ ᠴᠢᠨᠠᠷ ᠢ ᠰᠠᠶᠢᠵᠢᠷᠠᠭᠤᠯᠤᠨ᠎ᠠ᠃ ᠾᠯᠤᠷᠲᠦ ᠠᠮᠮᠤᠨᠢ᠂ ᠾᠯᠤᠷᠲᠤ ᠺᠠᠯᠢ ᠪᠠᠷ ᠦᠢᠯᠡᠳᠪᠦᠷᠢᠯᠡᠭᠰᠡᠨ ᠨᠡᠶᠢᠯᠡᠮᠡᠯ ᠪᠣᠷᠳᠤᠭᠤᠷ᠂ ᠬᠤᠯᠢᠮᠠᠭ ᠪᠣᠷᠳᠤᠭᠤᠷ᠂ | ᠤᠷᠭᠠᠨᠢᠭ ᠪᠣᠷᠳᠤᠭᠤᠷ᠂ ᠤᠷᠭᠠᠨᠢᠭ ᠪᠣᠰᠤ ᠪᠣᠷᠳᠤᠭᠤᠷ ᠵᠡᠷᠭᠡ ᠾᠯᠤᠷ ᠠᠭᠤᠯᠬᠤ ᠪᠣᠷᠳᠤᠭᠤᠷ ᠢ ᠵᠢᠮᠢᠰ ᠤᠨ ᠮᠣᠳᠤᠨ ᠳᠤ ᠬᠡᠷᠡᠭᠯᠡᠵᠦ ᠪᠣᠯᠬᠤ ᠦᠭᠡᠢ᠃ | ᠢᠰᠭᠡᠵᠦ ᠢᠯᠵᠢᠷᠡᠭᠰᠡᠨ ᠲᠠᠷᠢᠶᠠᠯᠠᠩ ᠤᠨ ᠭᠡᠷ ᠤᠨ ᠪᠣᠷᠳᠤᠭᠤᠷ ᠢ ᠲᠡᠭᠰᠢ ᠪᠠᠷ ᠬᠤᠳᠬᠤᠨ ᠬᠤᠯᠢᠭᠰᠠᠨ ᠤ ᠳᠠᠷᠠᠭ᠎ᠠ᠂ ᠬᠦᠷᠦᠰᠦ ᠰᠢᠷᠤᠢ ᠳᠤ ᠣᠷᠤᠭᠤᠯᠵᠤ ᠂ | ᠨᠦᠬᠡ ᠮᠠᠯᠲᠠᠨ ᠪᠣᠷᠳᠤᠭᠤᠷ ᠣᠷᠤᠭᠤᠯᠵᠤ ᠵᠢᠮᠢᠰ ᠤᠨ ᠮᠣᠳᠤᠨ ᠤ ᠦᠨᠳᠦᠰᠦ ᠶᠢᠨ ᠬᠡᠰᠡᠭ ᠢ ᠰᠢᠲᠠᠭᠠᠬᠤ ᠠᠴᠠ ᠰᠡᠷᠭᠡᠶᠢᠯᠡᠬᠦ ᠬᠡᠷᠡᠭᠲᠡᠢ᠃ ᠡᠪᠦᠯ ᠤᠨ ᠴᠠᠭ ᠲᠤ | ᠰᠠᠭᠤᠷᠢ ᠪᠣᠷᠳᠤᠭᠤᠷ ᠢ ᠣᠷᠤᠭᠤᠯᠤᠨ᠎ᠠ᠃ ᠡᠷᠲᠡ ᠬᠤᠷᠢᠶᠠᠭᠰᠠᠨ ᠵᠢᠮᠢᠰ ᠤᠨ ᠮᠣᠳᠤᠨ ᠳᠤ ᠨᠠᠮᠤᠷ ᠤᠨ ᠤᠯᠠᠷᠢᠯ ᠤᠨ ᠰᠡᠭᠦᠯᠴᠢ ᠪᠠᠷ ᠰᠠᠭᠤᠷᠢ ᠪᠣᠷᠳᠤᠭᠤᠷ ᠢ | ᠣᠷᠤᠭᠤᠯᠵᠤ ᠪᠣᠯᠤᠨ᠎ᠠ᠃ ᠣᠷᠤᠢ ᠪᠣᠯᠪᠠᠰᠤᠷᠠᠬᠤ ᠵᠢᠮᠢᠰ ᠤᠨ ᠮᠣᠳᠤᠨ ᠤ ᠲᠦᠷᠦᠯ ᠢ10 ᠰᠠᠷ᠎ᠠ ᠶᠢᠨ ᠰᠡᠭᠦᠯᠴᠢ᠂11 ᠰᠠᠷ᠎ᠠ ᠶᠢᠨ ᠡᠬᠢ ᠪᠠᠷ ᠬᠤᠷᠢᠶᠠᠭᠰᠠᠨ ᠤ | ᠳᠠᠷᠠᠭ᠎ᠠ ᠰᠠᠭᠤᠷᠢ ᠪᠣᠷᠳᠤᠭᠤᠷ ᠣᠷᠤᠭᠤᠯᠤᠨ᠎ᠠ᠃ |