ᠤᠷᠠᠳ ᠤᠨ ᠡᠮᠦᠨᠡᠲᠦ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/24
      6 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ ᠂ ᠰᠢᠨ᠎ᠡ ᠨᠢᠭᠡ ᠡᠭᠡᠯᠵᠢ ᠶᠢᠨ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠬᠦ ᠠᠵᠢᠯ ᠢ ᠲᠦᠷᠭᠡᠳᠬᠡᠨ ᠠᠬᠢᠭᠤᠯᠪᠠ ᠃     5 ᠰᠠᠷ᠎ᠠ ᠶᠢᠨ ᠰᠡᠭᠦᠯᠴᠢ ᠠᠴᠠ ᠡᠬᠢᠯᠡᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ  ᠵᠦᠪᠯᠡᠯ ᠬᠠᠮᠲᠤᠷᠠᠨ 5 ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠡᠨᠡ ᠵᠢᠯ ᠤᠨ 70 ᠮᠡᠳᠡᠭᠦᠯᠦᠭᠰᠡᠨ ᠨᠢᠭᠡᠴᠢ ᠶᠢ ᠲᠤᠬᠠᠢ ᠶᠢᠨ ᠭᠠᠵᠠᠷ ᠲᠤᠨᠢ ᠵᠢᠯᠤᠭᠤᠳᠬᠤ᠂ ᠲᠤᠬᠠᠢ ᠶᠢᠨ ᠭᠠᠵᠠᠷ ᠲᠤᠨᠢ ᠰᠢᠯᠭᠠᠨ ᠦᠨᠡᠯᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠬᠢᠨᠠᠨ ᠰᠢᠯᠭᠠᠬᠤ ᠠᠵᠢᠯ ᠢ ᠥᠷᠨᠢᠭᠦᠯᠪᠡ᠃ ᠠᠬᠢᠭᠤᠯᠬᠤ ᠬᠤᠷᠠᠯ ᠳᠡᠭᠡᠷ᠎ᠡ᠂ ᠡᠯ᠎ᠡ ᠬᠢᠨᠠᠨ ᠰᠢᠯᠭᠠᠬᠤ ᠳᠤᠭᠤᠶᠢᠯᠠᠩ ᠤᠨ ᠬᠢᠨ ᠡᠯ᠎ᠡ ᠬᠢᠨᠠᠨ ᠰᠢᠯᠭᠠᠬᠤ  ᠨᠢᠭᠡᠴᠢ ᠶᠢᠨ ᠪᠠᠶᠢᠳᠠᠯ ᠳᠤ ᠳ᠋ᠦᠩᠨᠡᠯᠲᠡ ᠬᠢᠵᠦ ᠬᠠᠷᠢᠭᠤ ᠮᠡᠳᠡᠭᠦᠯᠦᠯᠲᠡ ᠬᠢᠵᠡᠢ᠃ ᠭᠤᠷᠪᠠᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠤᠷᠠᠯ ᠳᠤ ᠣᠷᠣᠯᠴᠠᠭᠰᠠᠳ ᠤᠨ ᠶᠡᠷᠦᠩᠬᠡᠢ ᠦᠨᠡᠯᠡᠯᠲᠡ ᠪᠠᠷ ᠳᠡᠮᠵᠢᠨ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ᠵᠡᠷᠭᠡ 42  ᠨᠢᠭᠡᠴᠢ ᠶᠢ 2022 ᠣᠨ ᠤ ︽ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠢ︾ ᠪᠠᠷ ᠨᠡᠷᠡᠶᠢᠳᠬᠦ ᠪᠠᠷ ᠲᠣᠭᠲᠠᠪᠠ᠃     ᠬᠤᠷᠠᠯ  ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠡᠯ᠎ᠡ ᠱᠠᠲᠤᠨ ᠤ ᠡᠯ᠎ᠡ  ᠨᠢᠭᠡᠴᠢ ᠶᠢᠨ ᠴᠢᠷᠮᠠᠶᠢᠯᠭ᠎ᠠ ᠪᠠᠷ ᠵᠢᠱᠢᠶ᠎ᠡ ᠦᠵᠡᠭᠦᠯᠬᠦ  ᠨᠢᠭᠡᠴᠢ ᠶᠢ ᠡᠭᠦᠳᠦᠨ ᠪᠠᠶᠢᠭᠤᠯᠬᠤ ᠠᠵᠢᠯ ᠵᠣᠬᠢᠬᠤ ᠠᠮᠵᠢᠯᠲᠠ ᠣᠯᠵᠠᠢ᠃ ᠲᠠᠷᠠᠭᠠᠴᠢ ᠶᠢᠨ ᠠᠯᠬᠤᠮ ᠳᠤ᠂ ᠡᠯ᠎ᠡ ᠳᠤᠭᠤᠶᠢᠯᠠᠩ ᠤᠨ ᠬᠢᠨ 42  ᠨᠢᠭᠡᠴᠢ ᠶᠢ ᠮᠥᠷᠳᠡᠨ ᠵᠢᠯᠤᠭᠤᠳᠴᠤ᠂ ᠬᠤᠯᠪᠣᠭ᠎ᠠ ᠠᠪᠬᠤ ᠪᠠ ᠲᠤᠬᠠᠢ ᠶᠢᠨ ᠭᠠᠵᠠᠷ ᠲᠤᠨᠢ ᠵᠢᠯᠤᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠱᠢᠶ᠎ᠡ ᠦᠵᠡᠭᠦᠯᠬᠦ  ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠵᠤ᠂ ᠡᠨᠡ ᠵᠢᠯ ᠤᠨ ᠵᠢᠱᠢᠶ᠎ᠡ ᠦᠵᠡᠭᠦᠯᠬᠦ  ᠨᠢᠭᠡᠴᠢ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠦᠨ᠎ᠡ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠦᠷᠭᠦᠯᠵᠢᠯᠡᠨ ᠴᠢᠷᠮᠠᠶᠢᠵᠤ᠂ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠬᠦ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠵᠤ᠂ ᠮᠠᠨ ᠤ ᠬᠤᠰᠢᠭᠤᠨ ᠤ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠦᠵᠡᠯ ᠰᠠᠨᠠᠭ᠎ᠠ ᠪᠠᠷ ᠦᠨᠡᠨᠬᠦ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ︽ᠭᠤᠷᠪᠠ ᠠᠴᠠ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠬᠦ︾ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠢᠯᠣᠭᠤᠳᠤᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠪᠣᠶ ᠪᠣᠯᠭᠠᠬᠤ ᠪᠠᠷ ᠴᠢᠷᠮᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ