ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯ ᠨᠡᠶᠢᠭᠡᠮ ᠤᠨ ᠳᠠᠭᠠᠳᠬᠠᠯ ᠤᠨ ᠲᠥᠷᠥᠯ ᠵᠦᠢᠯ ᠤᠨ ᠳᠣᠲᠣᠷᠠᠬᠢ ᠬᠠᠮᠤᠭ ᠤᠨ ᠴᠢᠬᠤᠯᠠ ᠳᠠᠭᠠᠳᠬᠠᠯ ᠤᠨ | ᠨᠢᠭᠡ ᠮᠥᠨ᠂ ᠲᠡᠭᠦᠨ ᠤ ᠰᠢᠯᠵᠢᠭᠦᠯᠦᠨ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠨᠢ ᠴᠦ ᠳᠠᠭᠠᠳᠬᠠᠯ ᠳᠤ ᠣᠷᠣᠯᠴᠠᠭᠰᠠᠳ ᠤᠨ ᠠᠩᠬᠠᠷᠤᠯ ᠢ ᠲᠠᠲᠠᠭᠰᠠᠭᠠᠷ | ᠢᠷᠡᠵᠡᠶ᠃ ᠨᠡᠭᠦᠳᠡᠯ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠪᠠᠲᠤᠯᠠᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠳᠠᠭᠠᠳᠬᠠᠯ ᠤᠨ ᠰᠢᠯᠵᠢᠭᠦᠯᠦᠨ | ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠭᠠᠷᠲᠠᠨ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ ᠳᠥᠭᠦᠮᠴᠢᠯᠡᠵᠦ᠂ ᠭᠠᠷᠲᠠᠨ ᠭᠦᠢᠴᠡᠳᠬᠡᠬᠦ | ᠬᠠᠮᠢᠶᠠᠷᠤᠯᠲᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠮᠤᠵᠢ ᠠᠯᠤᠰᠯᠠᠨ | ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ | | | | | ᠨᠢᠭᠡ ᠳᠤ ︽ᠢᠨᠲ᠋ᠧᠷ ᠰᠦᠯᠵᠢᠶ᠎ᠡ + ᠨᠡᠶᠢᠭᠡᠮ ᠤᠨ ᠪᠠᠲᠤᠯᠠᠭ᠎ᠠ︾ ᠶᠢᠨ ᠵᠠᠭᠪᠤᠷ ᠢ ᠬᠡᠷᠡᠭᠯᠡᠵᠦ᠂ ᠨᠡᠶᠢᠭᠡᠮ ᠤᠨ ᠳᠠᠭᠠᠳᠬᠠᠯ ᠢ ᠰᠢᠯᠵᠢᠭᠦᠯᠬᠦ ᠳᠤ ᠳᠥᠭᠦᠮ | ᠦᠵᠡᠭᠦᠯᠦᠨ᠎ᠡ᠃ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠤᠶᠤ ︽ᠠᠯᠠᠭᠠᠨ ᠳᠡᠭᠡᠷᠡᠬᠢ 12333︾ ᠭᠠᠷ | ᠤᠲᠠᠰᠤᠨ ᠤ APP ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠯᠵᠢᠭᠦᠯᠬᠦ ᠭᠠᠷ ᠭᠦᠢᠴᠡᠳᠬᠡᠯ ᠢ | ᠭᠤᠶᠤᠴᠢᠯᠠᠵᠤ᠂ ︽ᠰᠦᠯᠵᠢᠶᠡᠨ ᠤ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠷᠠᠳ ᠣᠯᠠᠨ ᠢ ᠳᠤᠲᠠᠭᠤ ᠭᠦᠶᠦᠯᠭᠡᠵᠦ︾᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠳᠤ ᠲᠥᠬᠦᠮ ᠦᠵᠡᠭᠦᠯᠦᠨ᠎ᠡ᠃ | ᠬᠤᠶᠠᠷ ᠲᠤ ᠲᠤᠭ᠎ᠠ ᠪᠠᠷᠢᠮᠲᠠ ᠶᠢᠨ ᠮᠥᠷᠳᠡᠯᠲᠡ ᠶᠢ ᠰᠠᠶᠢᠲᠤᠷ ᠬᠢᠵᠦ᠂ ᠭᠦᠢᠴᠡᠳᠬᠡᠬᠦ ᠠᠬᠢᠴᠠ ᠶᠢ ᠲᠦᠷᠭᠡᠳᠬᠡᠨ᠎ᠡ᠃ ᠠᠵᠢᠯᠲᠠᠳ ᠰᠢᠯᠵᠢᠭᠦᠯᠦᠨ | ᠵᠠᠯᠭᠠᠭᠤᠯᠤᠭᠰᠠᠨ ᠲᠤᠭ᠎ᠠ ᠪᠠᠷᠢᠮᠲᠠ ᠶᠢ ᠮᠥᠷᠳᠡᠵᠦ᠂ ᠰᠢᠯᠵᠢᠭᠦᠯᠦᠨ ᠵᠠᠯᠭᠠᠭᠤᠯᠤᠭᠰᠠᠨ ᠲᠤᠭ᠎ᠠ ᠪᠠᠷᠢᠮᠲᠠ ᠳᠤ ᠠᠰᠠᠭᠤᠳᠠᠯ ᠲᠠᠢ ᠪᠤᠶᠤ ᠵᠣᠬᠢᠬᠤ ᠴᠠᠭ ᠬᠤᠭᠤᠴᠠᠭ᠎ᠠ | ᠠᠴᠠ ᠬᠡᠲᠦᠷᠡᠲᠡᠯ᠎ᠡ ᠮᠥᠨ ᠯᠡ ᠭᠦᠢᠴᠡᠳᠬᠡᠭᠰᠡᠨ ᠦᠭᠡᠢ ᠲᠤᠬᠠᠶᠢᠯᠠᠭᠰᠠᠨ ᠠᠵᠢᠯ ᠢ ᠭᠠᠳᠠᠷ ᠮᠤᠵᠢ ᠶᠢᠨ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠠᠶᠢᠳᠠᠯ ᠢ ᠣᠶᠢᠯᠠᠭᠠᠨ᠂ ᠡᠬᠡ ᠲᠠᠩᠰᠠ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠵᠠᠯᠭᠠᠭᠤᠯᠬᠤ | ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠲᠤᠬᠠᠶᠢᠯᠠᠭᠰᠠᠨ ᠠᠵᠢᠯ ᠢ ᠰᠢᠢᠳᠪᠦᠷᠢᠯᠡᠵᠦ ᠳᠠᠭᠤᠰᠲᠠᠯ᠎ᠠ ᠭᠦᠢᠴᠡᠳᠬᠡᠨ᠎ᠡ᠃ | ᠭᠤᠷᠪᠠ ᠳᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠨᠠᠷᠢᠨ ᠨᠢᠮᠪᠠᠢ | ᠲᠠᠶᠢᠯᠪᠤᠷᠢᠯᠠᠬᠤ᠂ ᠠᠰᠠᠭᠤᠯᠲᠠ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠰᠦᠯᠵᠢᠶ᠎ᠡ ᠪᠠᠷ | ᠳᠠᠮᠵᠢᠭᠤᠯᠤᠨ ᠨᠡᠶᠢᠭᠡᠮ ᠤᠨ ᠳᠠᠭᠠᠳᠬᠠᠯ ᠢ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠬᠥᠲᠥᠯᠥᠨ ᠵᠢᠯᠤᠭᠤᠳᠴᠤ᠂ ᠣᠯᠠᠨ ᠲᠦᠮᠡᠨ ᠤ ︽ᠣᠨᠳᠣᠣ | ᠭᠠᠵᠠᠷ ᠲᠤ ᠶᠠᠪᠤᠬᠤ︾ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | 2022 ᠣᠨ ᠤ 6 ᠰᠠᠷ᠎ᠠ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠠᠴᠠ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠮᠤᠵᠢ ᠠᠯᠤᠰᠯᠠᠨ ᠰᠢᠯᠵᠢᠭᠦᠯᠬᠦ ᠶᠢ 42 ᠬᠥᠮᠥᠨ ᠤᠳᠠᠭ᠎ᠠ ᠭᠦᠢᠴᠡᠳᠬᠡᠵᠦ᠂ ᠡᠭᠦᠨ ᠳᠤ ᠮᠤᠵᠢ | ᠠᠯᠤᠰᠯᠠᠨ ᠰᠢᠯᠵᠢᠭᠦᠯᠦᠨ ᠭᠠᠷᠭᠠᠭᠰᠠᠨ ᠨᠢ 22 ᠬᠥᠮᠥᠨ ᠤᠳᠠᠭ᠎ᠠ᠂ ᠮᠤᠵᠢ ᠠᠯᠤᠰᠯᠠᠨ ᠰᠢᠯᠵᠢᠭᠦᠯᠦᠨᠣᠷᠤᠭᠤᠯᠤᠭᠰᠠᠨ ᠨᠢ 20 ᠬᠥᠮᠥᠨ ᠤᠳᠠᠭ᠎ᠠ ᠪᠣᠶ᠃ | | | |