ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽6.26︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/27
     35 ᠳ᠋ᠤᠭᠠᠷ ︽6.26︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ  ᠲᠤ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠯᠠᠨ ᠰᠠᠯᠠᠭ᠎ᠠ ᠮᠥᠴᠢᠷ ᠤᠨ ᠬᠢᠨ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ᠂ ᠯᠢᠨ ᠬᠠᠢ ᠴᠡᠴᠡᠷᠯᠢᠭ ᠤᠨ ᠠᠭᠤᠳᠠᠮ ᠲᠠᠯᠠᠪᠠᠶ ᠳᠤ ︽6.26︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠥᠬᠦ ᠠᠷᠠᠳ ᠤᠨ ᠬᠤᠣᠷ ᠴᠠᠭᠠᠵᠠᠯᠠᠬᠤ ᠠᠭᠤᠷ ᠠᠮᠢᠰᠬᠤᠯ ᠢ ᠪᠣᠶ ᠪᠣᠯᠭᠠᠪᠠ᠃

禁毒日1.jpg

     ︽ᠰᠢᠨ᠎ᠡ ᠬᠡᠯᠪᠡᠷᠢ ᠶᠢᠨ ᠬᠤᠣᠷᠲᠤ ᠡᠳ᠋ ᠤᠨ ᠲᠥᠷᠥᠯ ᠵᠦᠢᠯ ᠮᠠᠰᠢ ᠣᠯᠠᠨ᠂ ᠬᠠᠨᠢᠶᠠᠳᠤ ᠶᠢ ᠵᠣᠭᠰᠤᠭᠠᠬᠤ ᠤᠰᠤ᠂ ᠴᠣᠺᠣᠯᠠᠳ᠋᠂ ᠬᠠᠷᠠᠶᠢᠯᠲᠠ ᠶᠢᠨ ᠰᠢᠬᠢᠷ᠂ 

ᠰᠦ ᠲᠠᠢ ᠴᠠᠢ᠂ ᠰᠢᠤᠳᠠᠨ ᠤ ᠲᠡᠮᠳᠡᠭ ᠵᠡᠷᠭᠡ ᠪᠣᠯ ᠴᠥᠮ ᠰᠢᠨ᠎ᠡ ᠬᠡᠯᠪᠡᠷᠢ ᠶᠢᠨ ᠬᠤᠣᠷᠲᠤ ᠡᠳ᠋ ᠤᠨ ︿ᠬᠠᠭᠤᠷᠮᠠᠭ﹀ ᠬᠡᠯᠪᠡᠷᠢ ᠮᠥᠨ︾᠃ ᠠᠵᠢᠯᠯᠠᠭ᠎ᠠ ᠶᠢᠨ

ᠲᠤᠬᠠᠢ ᠶᠢᠨ ᠲᠠᠯᠠᠪᠠᠶ ᠳᠤ᠂ ᠠᠷᠠᠳ ᠤᠨ ᠴᠠᠭᠳᠠᠭ᠎ᠠ ᠬᠤᠣᠷ ᠴᠠᠭᠠᠵᠠᠯᠠᠬᠤ ᠮᠡᠳᠡᠯᠭᠡ ᠶᠢᠨ ᠤᠬᠠᠭᠤᠯᠭ᠎ᠠ ᠶᠢᠨ ᠰᠠᠮᠪᠠᠷ᠎ᠠ  ᠭᠠᠷᠭᠠᠬᠤ ᠪᠠ ᠮᠣᠷᠹᠢ᠂ ᠾᠧᠷᠣᠶ᠋ᠢᠨ᠂

ᠣᠯᠣᠰᠤ᠂ ᠺᠣᠺᠠᠶ᠋ᠢᠨ ᠵᠡᠷᠭᠡ ᠬᠤᠣᠷᠲᠤ ᠡᠳ᠋ ᠤᠨ ᠦᠯᠢᠭᠡᠷ ᠡᠳ᠋ ᠢ ᠳᠡᠯᠭᠡᠨ ᠦᠵᠡᠭᠦᠯᠬᠦ ᠲᠠᠪᠴᠠᠩ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠲᠠᠪᠴᠠᠩ

ᠵᠡᠷᠭᠡ ᠶᠢ ᠭᠠᠷᠭᠠᠵᠤ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠡᠯ᠎ᠡ ᠵᠦᠢᠯ ᠤᠨ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ

ᠲᠠᠷᠬᠠᠭᠠᠬᠤ᠂ ᠳᠠᠭᠤᠷᠢᠶᠠᠮᠠᠯ ᠬᠤᠣᠷᠲᠤ ᠡᠳ᠋ ᠢ ᠲᠣᠭᠤᠷᠢᠨ ᠦᠵᠡᠭᠦᠯᠬᠦ᠂ ᠬᠤᠷᠮᠣᠶᠢᠪᠴᠢ  ᠪᠠ ᠣᠷᠴᠢᠨ ᠲᠣᠭᠤᠷᠢᠨ ᠢ ᠬᠠᠮᠠᠭᠠᠯᠠᠬᠤ ᠤᠭᠤᠲᠠ ᠵᠡᠷᠭᠡ ᠵᠢᠵᠢᠭ ᠪᠡᠯᠡᠭ

ᠲᠦᠭᠡᠭᠡᠬᠦ ᠶᠢᠨ ᠬᠠᠮᠲᠤ ᠪᠠᠰᠠ ᠬᠤᠣᠷᠲᠤ ᠡᠳ᠋ ᠤᠨ ᠲᠥᠷᠥᠯ ᠵᠦᠢᠯ᠂ ᠬᠤᠣᠷ ᠬᠥᠨᠥᠭᠡᠯ᠂ ᠬᠤᠣᠷᠲᠤ ᠡᠳ᠋ ᠢ ᠴᠠᠭᠠᠵᠠᠯᠠᠬᠤ ᠲᠥᠷᠥ ᠶᠢᠨ ᠪᠣᠳᠣᠯᠭ᠎ᠠ ᠬᠠᠤᠯᠢ

ᠲᠣᠭᠲᠠᠭᠠᠯ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠬᠤᠣᠷᠲᠤ ᠡᠳ᠋ ᠢ ᠬᠡᠷᠬᠢᠨ ᠢᠯᠭᠠᠨ ᠲᠠᠨᠢᠬᠤ ᠲᠤᠬᠠᠢ ᠨᠠᠷᠢᠨ

ᠲᠠᠨᠢᠯᠴᠠᠭᠤᠯᠵᠤ᠂ ᠣᠯᠠᠨ ᠲᠦᠮᠡᠨ ᠳᠤ ᠬᠤᠣᠷᠲᠤ ᠡᠳ᠋ ᠤᠨ ᠬᠤᠣᠷ ᠬᠥᠨᠥᠭᠡᠯ ᠢ ᠲᠠᠨᠢᠭᠤᠯᠵᠤ᠂ ᠬᠤᠣᠷᠲᠤ ᠡᠳ᠋ ᠢ ᠲᠡᠪᠴᠢᠬᠦ᠂ ᠬᠤᠣᠷᠲᠤ ᠡᠳ᠋ ᠢ ᠰᠡᠷᠭᠡᠶᠢᠯᠡᠬᠦ

ᠤᠬᠠᠮᠰᠠᠷ ᠢ ᠨᠢ ᠨᠡᠮᠡᠭᠳᠡᠭᠦᠯᠦᠨ᠂ ᠬᠤᠣᠷᠲᠤ ᠡᠳ᠋ ᠤᠨ ᠥᠳᠥᠭᠡᠯᠭᠡ ᠶᠢ ᠤᠬᠠᠮᠰᠠᠷ  ᠠᠴᠠ ᠪᠠᠨ ᠡᠰᠡᠷᠭᠦᠴᠡᠨ ᠬᠤᠷᠢᠭᠯᠠᠵᠤ᠂ ᠨᠡᠶᠢᠭᠡᠮ ᠤᠨ ᠡᠯ᠎ᠡ ᠡᠲᠡᠭᠡᠳ ᠤᠨ

 ᠬᠢᠨ ᠢ ᠬᠤᠣᠷᠲᠤ ᠡᠳ᠋ ᠢ ᠴᠠᠭᠠᠵᠠᠯᠠᠬᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠤᠷᠢᠶᠠᠯᠠᠨ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ᠂ ᠬᠤᠣᠷᠲᠤ

ᠡᠳ᠋ ᠠᠴᠠ ᠬᠤᠯᠠ ᠵᠠᠶᠢᠳᠠᠬᠤ ᠦᠵᠡᠯᠲᠡ ᠶᠢ ᠪᠠᠲᠤ ᠪᠠᠬᠢ ᠪᠣᠶ ᠪᠣᠯᠭᠠᠵᠠᠢ᠃

禁毒日2.jpg

     ᠤᠬᠠᠭᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠤᠣᠷᠲᠤ ᠡᠳ᠋ ᠤᠨ ᠬᠤᠣᠷ ᠬᠥᠨᠥᠭᠡᠯ ᠵᠢᠴᠢ ᠬᠤᠣᠷᠲᠤ ᠡᠳ᠋ ᠢ  ᠲᠠᠲᠠᠬᠤ  ᠠᠴᠠ ᠪᠣᠯᠵᠤ

ᠬᠤᠪᠢ ᠬᠥᠮᠥᠨ ᠵᠢᠴᠢ ᠭᠡᠷ ᠪᠦᠯᠢ ᠳᠤ ᠤᠴᠠᠷᠠᠭᠤᠯᠤᠭᠰᠠᠨ ᠬᠠᠷᠠᠰᠠᠯᠲᠤ ᠦᠷ᠎ᠡ ᠳ᠋ᠦᠩ ᠢ ᠣᠶᠢᠯᠠᠭᠠᠭᠤᠯᠵᠤ᠂ ᠤᠬᠠᠮᠰᠠᠷ  ᠠᠴᠠ ᠪᠠᠨ ᠬᠤᠣᠷᠲᠤ ᠡᠳ᠋ ᠠᠴᠠ

ᠵᠠᠶᠢᠳᠠᠬᠤ ᠤᠬᠠᠮᠰᠠᠷ ᠪᠠ ᠬᠤᠣᠷᠲᠤ ᠡᠳ᠋ ᠢ ᠬᠤᠷᠢᠭᠯᠠᠬᠤ ᠤᠬᠠᠭᠳᠠᠬᠤᠨ ᠵᠢᠴᠢ ᠬᠤᠣᠷᠲᠤ ᠡᠳ᠋ ᠢ ᠢᠯᠭᠠᠨ ᠲᠠᠨᠢᠬᠤ ᠪᠠ ᠰᠡᠷᠭᠡᠶᠢᠯᠡᠬᠦ ᠠᠷᠭ᠎ᠠ ᠶᠢ ᠲᠠᠨᠢᠯᠴᠠᠭᠤᠯᠪᠠ᠃

ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠰᠠᠶᠢᠨ ᠦᠨᠡᠯᠡᠯᠲᠡ  ᠪᠠ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠶᠢᠨ

ᠦᠷ᠎ᠡ ᠶᠢ ᠪᠦᠲᠦᠮᠵᠢ ᠣᠯᠵᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ

ᠳᠡᠭᠡᠭᠰᠢᠯᠡᠭᠦᠯᠪᠡ᠃

禁毒日3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ