ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠵᠠᠷᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/27
      6 ᠰᠠᠷ᠎ᠠ ᠶᠢᠨ 23 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠᠨ ᠶᠦᠩ ᠴᠢᠩ᠂ ᠠᠯᠲᠠᠨᠪᠠᠭᠠᠨ᠎ᠠ ᠂ ᠣᠷᠢᠬᠠᠨ᠂ ᠭᠤᠤ ᠯᠸᠢ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ᠂ ᠬᠡᠰᠡᠭ ᠪᠠᠶᠢᠩᠭᠤ ᠶᠢᠨ ᠬᠤᠷᠢᠶᠠᠨ ᠤ ᠭᠡᠰᠢᠭᠦᠨ᠂ ᠳᠥᠷᠪᠡᠨ ᠱᠠᠲᠤᠨ ᠤ ᠠᠷᠠᠳ ᠤᠨ ᠲᠥᠯᠥᠭᠡᠯᠡᠭᠴᠢᠳ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ ᠶᠣᠣ ᠬᠤᠶ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠵᠢᠩ ᠨᠢᠦ ᠠᠭᠤᠷᠬᠠᠶ ᠶᠢᠨ  ᠦᠢᠯᠡᠰ ᠤᠨ ᠬᠢᠵᠠᠭᠠᠷᠲᠤ ᠺᠣᠮᠫᠠᠨᠢ᠂ ᠦᠨᠲᠣ ᠲᠡᠮᠦᠷ ᠤᠨ ᠠᠭᠤᠷᠬᠠᠶ ᠵᠡᠷᠭᠡ ᠭᠠᠵᠠᠷ ᠲᠤ ᠬᠦᠷᠴᠦ ᠡᠯ᠎ᠡ ᠭᠠᠵᠠᠷ ᠤᠨ ᠠᠭᠤᠷᠬᠠᠶ ᠶᠢᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠭᠰᠡᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠣᠶᠢᠯᠠᠭᠠᠪᠠ᠃

人大调研1.jpg

      ᠳᠠᠷᠠᠭ᠎ᠠ ᠨᠢ ᠶᠠᠪᠤᠭᠳᠠᠭᠰᠠᠨ ᠶᠠᠷᠢᠯᠴᠠᠬᠤ ᠬᠤᠷᠠᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠥᠪ ᠤᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ

ᠬᠤᠰᠢᠭᠤ ᠵᠠᠰᠠᠭ ᠤᠨ ᠣᠷᠳᠣᠨ ᠤ ᠶᠡᠷᠦᠩᠬᠡᠶ ᠪᠠᠶᠢᠳᠠᠯ ᠪᠠ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠴᠡᠭᠴᠡᠯᠡᠨ

ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠣᠨᠣᠰᠤᠭᠰᠠᠨ ᠪᠥᠭᠡᠳ ᠰᠠᠨᠠᠭᠤᠯᠭ᠎ᠠ ᠪᠠ ᠰᠠᠨᠠᠯ ᠳᠤᠷᠠᠳᠴᠠᠶ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ

ᠬᠤᠰᠢᠭᠤᠨ ᠤ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ

ᠡᠷᠡᠰ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠠ ᠠᠭᠤᠷᠬᠠᠶ ᠶᠢᠨ

ᠭᠠᠷᠤᠯᠲᠠ ᠶᠢ ᠨᠡᠭᠡᠭᠡᠨ ᠬᠥᠭᠵᠢᠭᠦᠯᠬᠦ᠂ ᠠᠵᠤ  ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠰᠢᠰᠲ᠋ᠧᠮ ᠲᠠᠢ

ᠠᠬᠢᠭᠤᠯᠵᠤ᠂ ᠡᠷᠡᠭᠦᠯ ᠪᠥᠭᠡᠳ ᠡᠮᠬᠢ ᠵᠢᠷᠤᠮ ᠲᠠᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠪᠣᠶ ᠪᠣᠯᠭᠠᠬᠤ ᠶᠢ

ᠬᠦᠰᠡᠪᠡ᠃ ᠬᠠᠶᠠᠭᠳᠠᠮᠠᠯ ᠠᠭᠤᠷᠬᠠᠶ ᠶᠢ ᠢᠳᠡᠪᠬᠢᠲᠡᠶ ᠰᠦᠪᠡᠭᠴᠢᠯᠡᠬᠦ ᠪᠠ ᠠᠰᠢᠭᠯᠠᠵᠤ᠂ ᠦᠯᠡᠳᠡᠭᠳᠡᠯ ᠠᠭᠤᠷᠬᠠᠶ ᠶᠢᠨ ᠬᠥᠮᠥᠷᠭᠡ ᠶᠢ ᠬᠠᠭᠠᠵᠤ ᠬᠡᠷᠡᠯ ᠴᠡᠨᠡᠭ ᠢᠶᠠᠷ

ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ ᠵᠠᠮ ᠢ ᠪᠣᠶᠢᠵᠢᠭᠤᠯᠬᠤ ᠶᠢᠨ

ᠬᠠᠮᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠤᠰᠢᠭᠤᠨ ᠤ ᠵᠠᠰᠠᠭ ᠤᠨ ᠣᠷᠳᠣᠨ ᠢ

ᠬᠠᠪᠰᠤᠷᠤᠨ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠢ ᠡᠮᠬᠢᠯᠡᠨ ᠳᠢᠭᠯᠡᠵᠦ᠂ ᠡᠯ᠎ᠡ ᠰᠠᠯᠠᠭ᠎ᠠ ᠮᠥᠴᠢᠷ᠂ ᠰᠤᠮᠤ

ᠪᠠᠯᠭᠠᠰᠤᠨ ᠤ ᠲᠠᠷᠢᠶᠠᠯᠠᠩ ᠮᠠᠯᠵᠢᠯ ᠤᠨ ᠲᠠᠯᠠᠪᠠᠶ ᠪᠣᠯᠤᠨ ᠬᠠᠮᠢᠶ᠎ᠠ ᠪᠥᠬᠦᠶ ᠠᠵᠤ ᠠᠬᠤᠶᠢᠯᠠᠯ ᠦᠷᠭᠦᠯᠵᠢᠯᠡᠨ ᠴᠢᠷᠮᠠᠶᠢᠵᠤ᠂ ᠣᠷᠳᠣ ᠬᠤᠭᠤᠴᠠᠭ᠎ᠠ ᠪᠠᠷ ᠵᠢᠳᠬᠦᠨ

ᠴᠢᠷᠮᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃

人大调研2.jpg

      ︽ᠠᠮᠢ ᠠᠬᠤᠶ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠶᠢᠴᠠᠭᠠᠨ ᠰᠤᠳᠤᠯᠤᠯᠲᠠ ᠳᠤ ᠣᠷᠣᠯᠴᠠᠬᠤ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ

ᠣᠷᠳᠣᠨ ᠤ ᠴᠢᠷᠮᠠᠶᠢᠯᠭ᠎ᠠ ᠪᠠᠷ ᠳᠡᠮᠵᠢᠨ᠂ ᠠᠵᠤ ᠠᠬᠤᠶᠢᠯᠠᠯ ᠢ ᠴᠡᠭᠴᠡᠯᠡᠨ ᠵᠠᠰᠠᠬᠤ ᠲᠠᠯ᠎ᠠ ᠪᠠᠷ ᠴᠤ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠠᠶ᠂ ᠬᠤᠶᠢᠰᠢᠳᠠ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠡᠯ᠎ᠡ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠯᠲᠠ ᠳᠤᠤᠷ᠎ᠠ᠂ ᠠᠭᠤᠷᠬᠠᠶ ᠶᠢ ᠴᠡᠭᠴᠡᠯᠡᠨ

ᠵᠠᠰᠠᠬᠤ ᠠᠵᠢᠯ ᠨᠠᠩ ᠶᠡᠭᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ ᠨᠠᠷᠠᠨᠲᠤᠶᠠᠭ᠎ᠠ ᠬᠡᠯᠡᠪᠡ᠃

     ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢᠳᠡᠨ ᠤ ᠡᠭᠦᠷᠭᠡ ᠬᠠᠷᠢᠭᠤᠴᠠᠯᠭ᠎ᠠ ᠪᠣᠯ ᠳᠠᠷᠤᠶ

ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠰᠠᠯᠲᠠ ᠶᠢ ᠳᠥᠯᠭᠢᠨ

ᠠᠬᠢᠭᠤᠯᠬᠤ ᠶᠠᠪᠤᠴᠠ ᠳᠤ᠂ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠰᠠᠨᠠᠭ᠎ᠠ ᠶᠢ

ᠣᠶᠢᠯᠠᠭᠠᠬᠤ ᠶᠠᠪᠤᠳᠠᠯ ᠪᠣᠯᠤᠨ᠎ᠠ︔ ᠪᠠᠰᠠ ᠪᠠᠶᠢᠴᠠᠭᠠᠨ ᠰᠤᠳᠤᠯᠤᠯᠲᠠ ᠬᠢᠵᠦ᠂ ᠡᠨᠡ ᠬᠦ ᠠᠵᠢᠯ ᠢ ᠠᠬᠢᠭᠤᠯᠬᠤ ᠶᠠᠪᠤᠴᠠ ᠳᠠᠬᠢ ᠵᠠᠷᠢᠮ ᠬᠦᠴᠢᠷᠳᠡᠯ ᠪᠠ

ᠠᠰᠠᠭᠤᠳᠠᠯ ᠢ ᠡᠷᠢᠵᠦ᠂ ᠲᠠᠷᠠᠭ᠎ᠠ ᠨᠢ ᠵᠥᠪᠯᠡᠬᠦ ᠰᠡᠳᠦᠪ ᠢᠶᠠᠨ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ ᠪᠠᠷ

ᠳᠠᠮᠵᠢᠭᠤᠯᠤᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠬᠤ ᠪᠤᠶᠤ ᠬᠠᠪᠰᠤᠷᠴᠤ ᠪᠠᠶᠢᠭᠠᠳ ᠡᠨᠡ ᠬᠦ ᠠᠵᠢᠯ ᠢ ᠤᠯᠠᠮ ᠨᠢᠭᠡ ᠠᠯᠬᠤᠮ

ᠲᠦᠷᠭᠡᠪᠴᠢᠯᠡᠨ ᠴᠡᠭᠴᠡᠯᠡᠨ ᠰᠠᠶᠢᠵᠢᠷᠠᠭᠤᠯᠵᠤ᠂ ᠡᠨᠡ ᠬᠦ ᠠᠵᠢᠯ ᠢ ᠰᠠᠶᠢᠲᠤᠷ  ᠬᠢᠨ᠎ᠡ︾ ᠭᠡᠵᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ ᠯᠢ ᠶᠠᠨ ᠵᠢᠶᠦ᠋ᠨ ᠬᠡᠯᠡᠪᠡ᠃

     ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠤᠤ ᠳ᠋ᠦᠩ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ