ᠤᠷᠠᠳ ᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ 2022 ᠣᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠶᠢ ᠴᠢᠩᠭᠠᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/6/27
      6 ᠰᠠᠷ᠎ᠠ ᠶᠢᠨ 24 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠭᠡᠰᠢᠭᠦᠳ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠶᠢ ᠴᠢᠩᠭᠠᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠡᠷᠭᠢᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠸᠧᠨ ᠯᠢᠶᠠᠩ᠂ ᠵᠠᠩ ᠶᠤᠸᠠᠢ ᠶᠢᠩ᠂ ᠵᠠᠩ ᠬᠠᠶ ᠴᠢᠩ ᠪᠣᠯᠤᠨ ᠪᠥᠬᠦ ᠺᠠᠳ᠋ᠷ ᠵᠢᠴᠢ 146  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠪᠠᠰᠤᠷᠠᠯ ᠳᠤ ᠣᠷᠣᠯᠴᠠᠪᠠ᠃

政协培训1.jpg

      ᠰᠢᠰᠲ᠋ᠧᠮ ᠲᠠᠢ᠂ ᠪᠥᠬᠦ ᠲᠠᠯ᠎ᠠ ᠶᠢᠨ ᠬᠥᠮᠦᠵᠢᠯ ᠪᠣᠯᠪᠠᠰᠤᠷᠠᠯ ᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ

ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ

ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ

ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠨᠠᠶᠢᠳᠠᠪᠤᠷᠢᠵᠢᠭᠤᠯᠬᠤ ᠪᠦᠲᠦᠮᠵᠢᠲᠡᠶ ᠠᠷᠭ᠎ᠠ ᠵᠠᠮ ᠪᠣᠯᠤᠨ᠎ᠠ︔ ᠪᠠᠰᠠ

ᠴᠤ ᠤᠯᠤᠰ ᠲᠦᠷᠦ ᠶᠢᠨ ᠵᠥᠪᠯᠡᠯᠭᠡᠨ ᠤ ᠺᠠᠳ᠋ᠷ ᠤᠨ ᠡᠩᠨᠡᠭᠡᠨ ᠤ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠬᠥᠮᠦᠵᠢᠭᠦᠯᠦᠨ ᠳᠡᠭᠡᠭᠰᠢᠯᠡᠭᠦᠯᠬᠦ ᠶᠢᠨ ᠬᠦᠴᠦᠲᠡᠶ

ᠠᠷᠭ᠎ᠠ ᠬᠡᠮᠵᠢᠶ᠎ᠡ ᠪᠠ ᠴᠢᠬᠤᠯᠠ ᠠᠷᠭ᠎ᠠ ᠪᠠᠷᠢᠯ ᠮᠥᠨ᠃ ᠪᠠᠶ ᠸᠧᠨ ᠯᠢᠶᠠᠩ ᠠᠴᠠ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠰᠤᠷᠤᠯᠴᠠᠯᠭ᠎ᠠ ᠪᠠᠷ

ᠳᠠᠮᠵᠢᠭᠤᠯᠤᠨ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠪᠠᠨ ᠳᠡᠭᠡᠭᠰᠢᠯᠡᠭᠦᠯᠦᠨ᠂

ᠳᠦᠷᠢ ᠲᠥᠷᠬᠦ ᠪᠠ ᠡᠭᠦᠷᠭᠡᠯᠡᠯ ᠬᠠᠷᠢᠭᠤᠴᠠᠯᠭ᠎ᠠ ᠪᠠᠨ ᠢᠯᠡᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠶ ᠠᠵᠢᠯ ᠤᠨ  ᠦᠢᠯᠡᠳᠦᠯᠬᠡ

ᠳᠤᠮᠳᠠ ᠪᠠᠨ ᠨᠠᠶᠢᠳᠠᠪᠤᠷᠢᠵᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ

ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠵᠣᠷᠢᠭᠲᠠᠶ ᠪᠠᠷ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ

ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠬᠦᠰᠡᠪᠡ᠃

政协培训2.jpg

     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠳᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ  ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ

ᠣᠷᠣᠭᠤᠯᠵᠤ᠂ ᠭᠤᠤᠯᠳᠠᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠡᠷᠬᠢᠨ ᠪᠢᠴᠢᠬᠦ᠂ ᠨᠡᠶᠢᠭᠡᠮ ᠤᠨ ᠪᠠᠶᠢᠳᠠᠯ ᠠᠷᠠᠳ ᠤᠨ

ᠰᠠᠨᠠᠭ᠎ᠠ ᠶᠢ ᠬᠡᠷᠬᠢᠨ ᠲᠤᠰᠬᠠᠬᠤ᠂ ᠪᠣᠯᠪᠠᠰᠤᠷᠠᠯ ᠤᠨ ᠭᠤᠤᠯ ᠰᠡᠳᠦᠪ ᠲᠣᠪᠤᠶᠢᠮ᠎ᠠ᠂ ᠠᠭᠤᠯᠭ᠎ᠠ ᠡᠯᠪᠡᠭ ᠪᠠᠶᠠᠯᠢᠭ ᠪᠠᠶᠢᠬᠤ ᠶᠢᠨ ᠲᠣᠭᠤᠷᠢᠨ ᠳᠤ᠂ ᠥᠷᠭᠡᠨ ᠣᠯᠠᠨ

ᠭᠡᠰᠢᠭᠦᠳ ᠤᠨ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠴᠢᠳᠠᠪᠤᠷᠢ ᠪᠠ ᠲᠥᠷᠥ ᠶᠢᠨ ᠶᠠᠪᠤᠳᠠᠯ ᠳᠤ

ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠬᠢᠷᠢ ᠲᠦᠪᠰᠢᠨ ᠢ ᠳᠡᠭᠡᠭᠰᠢᠯᠡᠭᠦᠯᠪᠡ᠃

政协培训3.jpg

     ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ᠄ ᠸᠠᠩ ᠶᠦᠩ ︽ᠴᠢᠨᠠᠷ ᠰᠠᠶᠢᠲᠠᠶ

ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠭᠡᠰᠢᠭᠦᠳ ᠤᠨ ᠡᠭᠦᠷᠭᠡᠯᠡᠯ ᠢ ᠪᠢᠴᠢᠭᠯᠡᠬᠦ︾ ᠲᠤᠬᠠᠶ ᠭᠤᠤᠯᠯᠠᠨ

ᠶᠠᠷᠢᠪᠠ᠃

政协培训4.jpg

     ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠪᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠡᠷᠬᠢᠯᠡᠭᠴᠢ  ᠵᠢᠶᠠᠩ ᠶᠦᠩ

ᠵᠥᠩ ︽ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠬᠡᠷᠡᠭᠯᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ

ᠲᠤᠰᠢᠶᠠᠯ ᠢᠶᠠᠨ ᠬᠦᠢᠴᠡᠳᠭᠡᠭᠦ ᠨᠠᠷᠠᠲᠤ ᠲᠡᠮᠳᠡᠭᠲᠦ ᠶᠢ ᠪᠣᠶ ᠪᠣᠯᠭᠠᠶ᠎ᠠ︾ ᠬᠡᠬᠦ ᠰᠡᠳᠦᠪ ᠢᠶᠠᠷ ᠭᠤᠤᠯᠯᠠᠨ ᠶᠠᠷᠢᠵᠠᠶ᠃



ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ