ᠰᠠᠭᠠᠳᠠᠭ ᠰᠤᠮᠤ᠄ ᠠᠷᠠᠳ ᠤᠨ ᠲᠥᠯᠥᠭᠡ ᠢᠳᠡᠪᠬᠢᠲᠡᠶ ᠪᠣᠳᠠᠲᠤ ᠶᠠᠪᠤᠳᠠᠯ ᠬᠢᠵᠦ᠂ ᠲᠡᠵᠢᠭᠡᠯ ᠪᠣᠷᠳᠤᠭ᠎ᠠ ᠲᠠᠷᠬᠠᠭᠠᠵᠤ ᠮᠠᠯᠴᠢᠳ ᠤᠨ ᠰᠡᠳᠬᠢᠯ ᠢ ᠲᠣᠯᠠᠭᠠᠴᠠᠭᠤᠯᠪᠠ
ᠨᠡᠶᠢᠲᠡᠯᠡᠭᠰᠡᠨ ᠴᠠᠭ᠄
2022/6/6
     ᠡᠨᠡ ᠵᠢᠯ ᠤᠨ ᠬᠠᠪᠤᠷ ᠠᠴᠠ ᠨᠠᠰᠢ᠂ ᠰᠠᠭᠠᠳᠠᠭ ᠰᠤᠮᠤ ᠣᠶᠢᠷ᠎ᠠ ᠶᠢᠨ 20 ᠵᠢᠯ ᠤᠨ ᠲᠤᠷᠰᠢᠬᠢ ᠬᠠᠮᠤᠭ ᠤᠨ ᠬᠦᠨᠳᠦ ᠨᠣᠴᠢᠲᠠᠶ ᠭᠠᠩ ᠬᠠᠭᠰᠠᠷᠠᠭᠠᠨ ᠳᠤ ᠤᠴᠠᠷᠠᠵᠤ᠂ ᠣᠷᠳᠣ ᠬᠤᠭᠤᠴᠠᠭ᠎ᠠ ᠪᠠᠷ ᠬᠤᠷ᠎ᠠ ᠲᠣᠨᠣᠳᠠᠰᠤ ᠪᠠᠭ᠎ᠠ᠂ ᠰᠠᠯᠬᠢ ᠡᠯᠡᠰᠦ ᠣᠯᠠᠨ ᠵᠡᠷᠭᠡ ᠪᠠᠶᠢᠭᠠᠯᠢ ᠶᠢᠨ ᠠᠭᠤᠷ ᠠᠮᠢᠰᠬᠤᠯ ᠤᠨ ᠨᠥᠯᠥᠭᠡ ᠠᠴᠠ ᠪᠣᠯᠵᠣ ᠂ ᠡᠪᠡᠰᠦ ᠪᠡᠯᠴᠢᠭᠡᠷ ᠤᠷᠭᠤᠬᠤ ᠪᠠᠨ ᠪᠤᠯᠢᠵᠤ᠂ ᠨᠤᠲᠤᠭ ᠪᠡᠯᠴᠢᠭᠡᠷ ᠤᠨ ᠭᠠᠩᠳᠠᠭᠰᠠᠨ ᠲᠠᠯᠠᠪᠠᠶ 69648 . 81 ᠾᠧᠺᠲ᠋ᠠᠷ ᠲᠤ ᠬᠦᠷᠴᠦ᠂ ᠪᠥᠬᠦ ᠰᠤᠮᠤᠨ ᠤ 15 ᠲᠦᠮᠡᠨ ᠮᠠᠯ ᠤᠨ ᠲᠠᠷᠭᠤ ᠪᠠᠭᠤᠷᠠᠵᠤ᠂ ᠡᠭᠦᠨ ᠤ ᠳᠡᠭᠡᠷ᠎ᠡ ᠢᠮᠠᠭᠠᠨ ᠨᠣᠯᠤᠤᠷ ᠤᠨ ᠦᠨ᠎ᠡ ᠪᠠᠰᠠ ᠳᠤᠤᠷ᠎ᠠ ᠪᠣᠯᠤᠭᠰᠠᠨ ᠠᠴᠠ ᠮᠠᠯᠴᠢᠳ ᠡᠪᠡᠰᠦ ᠪᠣᠷᠳᠤᠭ᠎ᠠ ᠬᠤᠳᠠᠯᠳᠤᠨ ᠠᠪᠬᠤ ᠨᠢ ᠴᠦ ᠬᠦᠴᠢᠷ ᠶᠠᠪᠤᠳᠠᠯ ᠪᠣᠯᠵᠠᠶ᠃ ᠡᠨᠡᠬᠦ ᠪᠠᠶᠢᠳᠠᠯ ᠢ  ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠮᠰᠢᠭᠳᠠᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠣᠳᠣᠬᠠᠨ ᠤ ᠭᠠᠩ ᠤᠨ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠣᠯᠠᠨ ᠠᠷᠭ᠎ᠠ ᠵᠠᠮ ᠢᠶᠠᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠪᠰᠤᠷᠤᠯᠭ᠎ᠠ ᠡᠷᠢᠵᠦ᠂ ᠨᠢᠭᠡᠳᠦᠭᠡᠷ ᠪᠦᠯᠦᠭ ᠭᠠᠮᠰᠢᠭ ᠠᠴᠠ ᠠᠪᠤᠷᠬᠠᠤ ᠲᠡᠵᠢᠭᠡᠯ ᠪᠣᠷᠳᠤᠭ᠎ᠠ ᠶᠢ ᠴᠠᠭ ᠲᠤᠬᠠᠶ ᠳᠤᠨᠢ ᠮᠠᠯᠴᠢᠳ ᠲᠤ ᠲᠦᠭᠡᠭᠡᠵᠦ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠦᠨᠡᠨ ᠬᠦ  ᠰᠢᠢᠳᠪᠦᠷᠢᠯᠡᠪᠡ᠃

暖民心1.jpg

     ᠰᠠᠭᠠᠳᠠᠭ ᠰᠤᠮᠤ ᠭᠠᠮᠰᠢᠭ ᠤᠨ ᠪᠠᠶᠢᠳᠠᠯ ᠢ ᠰᠢᠢᠳᠪᠦᠷᠢᠯᠡᠬᠦ ︽ᠳᠥᠷᠪᠡᠨ ᠨᠢᠭᠡᠳᠦᠭᠡᠷ︾᠂ ᠳᠠᠷᠤᠶ ᠬᠠᠮᠤᠭ ᠲᠡᠷᠢᠭᠦᠨ ᠳᠤ ᠢᠯᠡᠷᠡᠭᠦᠯᠵᠦ᠂ ᠬᠠᠮᠤᠭ

ᠲᠡᠷᠢᠭᠦᠨ ᠳᠤ ᠮᠡᠳᠡᠭᠦᠯᠵᠦ᠂ ᠬᠠᠮᠤᠭ ᠲᠡᠷᠢᠭᠦᠨ ᠳᠤ ᠵᠥᠪᠳᠡᠯᠴᠡᠨ᠂ ᠬᠠᠮᠤᠭ ᠲᠡᠷᠢᠭᠦᠨ ᠳᠤ ᠪᠠᠴᠢᠮ ᠠᠷᠭᠠᠴᠠᠭᠠᠨ ᠰᠢᠢᠳᠪᠦᠷᠢᠯᠡᠪᠡ᠃ ᠰᠡᠷᠭᠡᠶᠢᠯᠡᠬᠦ ᠵᠢᠯᠣᠭᠤᠳᠬᠤ

ᠬᠠᠮᠵᠢᠯᠴᠠᠬᠤ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ   ᠪᠠᠷᠢᠮᠲᠠᠯᠠᠨ᠂ ᠪᠠᠶᠢᠭᠤᠯᠭ᠎ᠠ ᠶᠢᠨ ᠺᠠᠳ᠋ᠷ᠂ ᠭᠠᠴᠠᠭᠠᠨ ᠤ ︽ᠬᠤᠶᠠᠷ ᠵᠥᠪᠯᠡᠯ︾᠂ ᠡᠷᠦᠬᠡ ᠶᠢᠨ

ᠴᠡᠷᠢᠭ ᠤᠨ ᠡᠩᠨᠡᠭᠡ᠂ ︽ᠤᠯᠠᠭᠠᠨ ᠮᠣᠷᠢᠲᠤ ᠴᠡᠷᠢᠭ︾ ᠤᠨ ᠰᠠᠶᠢᠨ ᠳᠤᠷᠠᠴᠤᠳ᠂ ᠨᠠᠮ ᠤᠨ ᠭᠡᠰᠢᠭᠦᠨ ᠣᠯᠠᠨ ᠲᠦᠮᠡᠨ ᠵᠡᠷᠭᠡ ᠣᠯᠠᠨ ᠲᠠᠯ᠎ᠠ ᠶᠢᠨ ᠬᠦᠴᠦᠨ ᠢ

132 ᠬᠥᠮᠦᠨ ᠴᠤᠭᠯᠠᠭᠤᠯᠵᠤ᠂ ᠨᠢᠭᠡ ᠭᠠᠷᠠᠭ ᠤᠨ ᠳᠣᠲᠣᠷ᠎ᠠ 60 ᠭᠠᠷᠤᠶ ᠲᠦᠮᠡᠨ ᠲᠥᠭᠦᠷᠢᠭ ᠤᠨ ᠰᠦᠢᠳᠭᠡᠯ ᠬᠤᠷᠢᠶᠠᠬᠤ ᠥᠬᠡᠶ ᠡᠪᠡᠰᠦ ᠪᠣᠷᠳᠤᠭ᠎ᠠ ᠶᠢ

ᠮᠠᠯᠴᠢᠳ ᠲᠤ ᠣᠯᠭᠤᠪᠠ᠃ ᠣᠳᠣᠬᠠᠨ ᠪᠣᠯᠲᠠᠯ᠎ᠠ᠂ ᠰᠠᠭᠠᠳᠠᠭ ᠰᠤᠮᠤ ᠨᠡᠶᠢᠲᠡ 491 ᠭᠠᠴᠠᠭ᠎ᠠ ᠲᠣᠰᠬᠤᠨ ᠤ 1687 ᠡᠷᠦᠬᠡ ᠳᠤ 298 ᠲᠣᠨ ᠡᠪᠡᠰᠦ

ᠪᠣᠷᠳᠤᠭ᠎ᠠ ᠲᠠᠷᠬᠠᠭᠠᠵᠤ᠂ 415 . 2 ᠲᠦᠮᠡᠨ ᠲᠥᠭᠦᠷᠢᠭ ᠤᠨ ᠠᠵᠤ ᠠᠬᠤᠶ ᠶᠢᠨ ᠰᠢᠭᠤᠳ ᠬᠤᠬᠢᠷᠠᠯ ᠢ ᠡᠭᠡᠭᠦᠯᠦᠨ ᠠᠪᠴᠢᠷᠠᠪᠠ᠃

     ︽ᠵᠠᠰᠠᠭ ᠤᠨ ᠣᠷᠳᠣᠨ ᠠᠴᠠ ᠪᠢᠳᠡᠨ ᠳᠤ ᠥᠭᠭᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠡᠨᠡ ᠵᠢᠯ ᠤᠨ ᠠᠭᠤᠷ ᠠᠮᠢᠰᠬᠤᠯ ᠭᠠᠩ ᠬᠠᠭᠤᠷᠠᠶ

ᠪᠠᠶᠢᠵᠤ᠂ ᠵᠠᠰᠠᠭ ᠤᠨ ᠣᠷᠳᠣᠨ ᠤ ᠬᠠᠩᠭᠠᠭᠰᠠᠨ ᠲᠡᠵᠢᠭᠡᠯ ᠪᠣᠷᠳᠤᠭ᠎ᠠ ᠨᠢ ᠮᠠᠨ ᠤ ᠬᠡᠷ ᠤᠨ ᠮᠠᠰᠢ ᠣᠯᠠᠨ ᠳᠠᠷᠤᠭᠠᠰᠤ ᠶᠢ ᠬᠥᠩᠭᠡᠷᠡᠭᠦᠯᠵᠦ᠂ ᠨᠢᠳᠦᠨ ᠡᠮᠦᠨᠡᠬᠢ

ᠲᠡᠵᠢᠭᠡᠯ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠪᠢᠳᠡᠨ ᠢ ᠬᠠᠪᠰᠤᠷᠤᠨ ᠬᠦᠴᠢᠷ ᠢ ᠳᠤᠭᠤᠯᠵᠤ᠂  ᠪᠢᠳᠡᠨ ᠳᠤ 2000

ᠭᠠᠷᠤᠶ ᠲᠥᠭᠦᠷᠢᠭ ᠤᠨ ᠲᠡᠵᠢᠭᠡᠯ ᠪᠣᠷᠳᠤᠭ᠎ᠠ ᠶᠢᠨ ᠵᠣᠭᠤᠰ ᠠᠷᠪᠢᠯᠠᠵᠤ ᠥᠭᠴᠡᠶ ︾ ᠭᠡᠵᠦ  ᠰᠠᠭᠠᠳᠠᠭ ᠰᠤᠮᠤ ᠶᠢᠨ ᠮᠠᠯᠴᠢᠨ ᠰᠤᠷᠤᠨ᠎ᠠ ᠬᠡᠯᠡᠵᠦ ᠪᠠᠶᠢᠪᠠ᠃

暖民心2.jpg

     ᠳᠠᠷᠠᠭᠠᠴᠢ ᠶᠢᠨ ᠠᠯᠬᠤᠮ ᠳᠤ᠂ ᠰᠠᠭᠠᠳᠠᠭ ᠰᠤᠮᠤ ᠠᠷᠠᠳ ᠤᠨ ᠠᠮᠢᠳᠤᠷᠠᠯ ᠤᠨ ᠠᠰᠠᠭᠤᠳᠠᠯ ᠢ ᠦᠷᠭᠦᠯᠵᠢᠯᠡᠨ ᠠᠩᠬᠠᠷᠴᠤ᠂ ᠤᠯᠠᠨ ᠲᠦᠮᠡᠨ ᠤ ᠲᠥᠯᠥᠭᠡ

ᠪᠣᠳᠣᠯᠬᠢᠯᠠᠵᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠤᠯᠠᠨ ᠲᠦᠮᠡᠨ ᠳᠤ ᠦᠨᠡᠨ ᠪᠣᠳᠠᠲᠠᠢ ᠪᠠᠷ ᠦᠢᠯᠡᠴᠢᠯᠡᠵᠦ᠂ ᠮᠠᠯᠴᠢᠳ ᠲᠤ ᠦᠷᠭᠦᠯᠵᠢᠯᠡᠨ

ᠭᠠᠮᠰᠢᠭ ᠠᠴᠠ ᠠᠪᠤᠷᠠᠬᠤ ᠡᠳ᠋ ᠪᠣᠳᠠᠰ ᠣᠯᠭᠤᠵᠤ᠂ ᠣᠳᠣᠬᠠᠨ ᠤ ᠭᠠᠩ ᠬᠠᠭᠰᠠᠷᠠᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠠᠩ ᠬᠠᠭᠰᠠᠷᠠᠭᠠᠨ ᠠᠴᠠ

ᠪᠤᠯᠵᠥ ᠶᠠᠳᠠᠭᠤᠷᠠᠬᠤ᠂ ᠭᠠᠩ ᠬᠠᠭᠰᠠᠷᠠᠭᠠᠨ ᠠᠴᠠ ᠪᠤᠯᠵᠥ ᠲᠠᠬᠢᠨ ᠶᠠᠳᠠᠭᠤᠷᠠᠬᠤ ᠵᠡᠷᠭᠡ ᠦᠵᠡᠭᠳᠡᠯ ᠭᠠᠷᠬᠤ ᠠᠴᠠ ᠵᠠᠶᠢᠯᠠᠰᠬᠢᠵᠦ᠂ ᠮᠠᠯᠴᠢᠳ ᠤᠨ ᠪᠡᠶ᠎ᠡ ᠮᠠᠬᠠᠪᠣᠳ

ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨ ᠬᠦ  ᠪᠠᠲᠣᠯᠠᠬᠤ ᠪᠠᠷ ᠪᠠᠶᠢᠨ᠎ᠠ᠃

         

       

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ