ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/6
    • ᠠᠵᠤ ᠠᠬᠤᠢ ᠶᠢ ᠲᠣᠭᠲᠠᠭᠤᠨ ᠪᠠᠶᠢᠯᠭᠠᠬᠤ ᠶᠢ ᠲᠦᠷᠭᠡᠳᠭᠡᠬᠦ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠬᠦᠴᠦᠨ ᠲᠠᠢ ᠪᠤᠯᠭᠠᠬᠤ ᠬᠡᠷᠡᠭᠳᠡᠢ     • ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠷᠠᠳ ᠣᠯᠠᠨ ᠳᠤ ᠮᠡᠳᠡᠪᠡᠯ ᠵᠣᠬᠢᠬᠤ ᠶᠢ ᠨᠢ ᠪᠦᠬᠦᠨ ᠢ ᠮᠡᠳᠡᠭᠦᠯᠵᠦ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠭᠦᠯᠬᠦ ᠬᠡᠷᠡᠭᠳᠡᠢ     • ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠰᠠᠷ᠎ᠠ ᠶᠢᠨ 1 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠤᠭᠳᠠᠭᠤᠨ ᠪᠠᠶᠢᠯᠭᠠᠬᠤ ᠶᠢ ᠲᠦᠷᠭᠡᠳᠭᠡᠬᠦ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠦᠴᠦᠨ ᠲᠠᠢ ᠪᠤᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠷᠠᠳ ᠣᠯᠠᠨ ᠳᠤ ᠮᠡᠳᠡᠪᠡᠯ ᠵᠣᠬᠢᠬᠤ ᠶᠢ ᠨᠢ ᠪᠦᠬᠦᠨ ᠢ ᠮᠡᠳᠡᠭᠦᠯᠵᠦ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠭᠦᠯᠬᠦ ᠲᠤᠬᠠᠢ ᠪᠠᠶᠢᠷᠢᠯᠠᠭᠤᠯᠪᠠ︔ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠲᠤᠬᠠᠢ ᠲᠤᠬᠢᠷᠠᠭᠤᠯᠪᠠ᠃      ᠬᠤᠷᠠᠯ ᠠᠴᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠶᠡᠷᠦᠩᠬᠡᠶ ᠰᠡᠳᠭᠢᠮᠵᠢ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠣᠰᠣᠭᠠᠷ ᠠᠵᠤ ᠠᠬᠤᠶ ᠶᠢ ᠲᠤᠭᠳᠠᠭᠤᠨ ᠪᠠᠶᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠤᠯᠳᠠᠭᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠡᠨᠡ ᠪᠣᠯ ᠠᠵᠤ ᠠᠬᠤᠢ ᠶᠢᠨ ᠶᠡᠭᠡ ᠲᠠᠯ᠎ᠠ ᠶᠢ ᠲᠤᠭᠳᠠᠭᠤᠨ ᠪᠠᠶᠢᠯᠭᠠᠬᠤ ᠡᠷᠴᠢᠮ ᠢᠶᠠᠨ ᠴᠠᠭ ᠲᠤᠬᠠᠢ ᠳᠤᠨᠢ ᠴᠢᠩᠭᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠤᠷᠢᠨ ᠳᠤ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠤᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ 6 ᠲᠠᠯ᠎ᠠ ᠶᠢᠨ 33 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ ᠨᠡᠶᠢᠲᠡᠯᠡᠬᠦ ᠠᠵᠢᠯ ᠢᠳᠡᠪᠬᠢᠲᠡᠶ ᠠᠬᠢᠴᠠ ᠲᠠᠢ ᠪᠣᠯᠪᠠ᠃ ᠳᠠᠷᠠᠭᠠᠴᠢ ᠶᠢᠨ ᠠᠯᠬᠤᠮ ᠳᠤ᠂ ᠨᠢᠭᠡ ᠳᠤ᠂ ᠲᠦᠷᠦ ᠶᠢᠨ ᠪᠤᠳᠤᠯᠭ᠎ᠠ ᠶᠢ ᠲᠠᠬᠢᠨ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠨᠠᠷᠢᠯᠢᠬᠵᠢᠭᠤᠯᠤᠨ ᠪᠣᠳᠠᠲᠠᠶᠢᠵᠢᠭᠤᠯᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠷᠠᠳ ᠤᠯᠠᠨ ᠳᠤ ᠮᠡᠳᠡᠪᠡᠯ ᠵᠣᠬᠢᠬᠤ ᠶᠢ ᠨᠢ ᠪᠦᠬᠦᠨ ᠢ ᠮᠡᠳᠡᠭᠦᠯᠵᠦ᠂ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠭᠦᠯᠦᠨ᠎ᠡ᠃ ᠰᠢᠨ᠎ᠠ ᠪᠠᠷ 1400 ᠭᠠᠷᠤᠶ ᠳ᠋ᠦᠩᠰᠢᠭᠤᠷ ᠲᠥᠭᠦᠷᠢᠭ ᠤᠨ ᠰᠠᠭᠤᠯᠭᠠᠨ ᠠᠪᠬᠤ ᠪᠠᠷ ᠦᠯᠡᠳᠡᠭᠡᠭᠰᠡᠨ ᠭᠠᠶᠢᠯᠢ ᠶᠢ ᠪᠤᠴᠠᠭᠠᠬᠤ ᠪᠠᠷ ᠪᠤᠯᠵᠤ᠂ 7 ᠰᠠᠷ᠎ᠠ ᠳᠤ ᠦᠨᠳᠦᠰᠦᠨ ᠳᠡᠭᠡᠨ ᠪᠤᠴᠠᠭᠠᠵᠤ ᠳᠠᠭᠤᠰᠠᠬᠨ᠎ᠠ᠃ ᠮᠥᠩᠭᠦᠨ ᠭᠦᠶ᠋ᠯᠭᠡᠭᠡᠨ ᠢᠶᠠᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ 8000 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠤᠨ ᠨᠡᠮᠡᠭᠳᠡᠭᠦᠯᠬᠦ ᠶᠢᠨ ᠬᠠᠮᠲᠤ ᠭᠤᠤᠯᠳᠠᠯᠭ᠎ᠠ ᠲᠠᠢ ᠲᠥᠷᠥᠯ ᠵᠦᠶ᠋ᠯ ᠤᠨ ᠨᠠᠷᠢᠨ ᠳᠠᠩᠰᠠ ᠶᠢ ᠵᠣᠯᠭᠠᠭᠤᠯᠬᠤ ᠲᠣᠭᠲᠡᠴᠡ ᠶᠢ ᠪᠠᠶᠢᠭᠤᠯᠬᠤ ᠬᠡᠷᠡᠭᠲᠡᠶ᠃ ᠨᠥᠬᠦᠴᠡᠯ ᠳᠤ ᠨᠡᠶᠢᠴᠡᠭᠰᠡᠨ ᠠᠵᠢᠯ ᠠᠯᠳᠠᠭᠰᠠᠨ ᠬᠥᠯᠥᠰᠥᠨ ᠠᠵᠢᠯᠴᠢᠨ ᠳᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠡᠰᠡᠬᠦ ᠬᠠᠮᠢᠶ᠎ᠠ ᠦᠭᠡᠢ ᠴᠥᠮ ᠲᠦᠷ ᠴᠠᠭ ᠤᠨ ᠨᠥᠬᠦᠪᠥᠷᠢ ᠦᠭᠬᠦ ᠪᠤᠶᠤ ᠠᠪᠤᠷᠠᠨ ᠲᠤᠰᠠᠯᠠᠬᠤ ᠶᠢᠨ ᠬᠠᠮᠲᠤ ᠣᠯᠭᠤᠬᠤ ᠪᠡᠶᠡᠴᠢ ᠴᠣᠭᠴᠠ ᠶᠢ ᠲᠣᠳᠣᠷᠬᠠᠶᠢᠯᠠᠬᠤ ᠬᠡᠷᠡᠭᠲᠡᠢ᠃ ᠮᠠᠰᠢᠨ ᠲᠡᠷᠭᠡᠨ ᠤ ᠲᠥᠪ ᠤᠨ ᠠᠵᠤ ᠠᠬᠤᠶᠢᠯᠠᠯ ᠤᠨ ᠲᠠᠷᠬᠠᠭᠠᠭᠰᠠᠨ 900 ᠳ᠋ᠦᠩᠰᠢᠭᠤᠷ ᠲᠥᠭᠦᠷᠢᠭ ᠤᠨ ᠬᠤᠳᠠᠯᠳᠤᠭᠠᠨ ᠳᠤ ᠬᠡᠷᠡᠭᠯᠡᠬᠦ ᠡᠳ᠋ ᠪᠠᠷᠠᠭᠠᠨ ᠤ ᠲᠡᠷᠭᠡ ᠶᠢᠨ ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ ᠪᠤᠴᠠᠭᠠᠬᠤ ᠳᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠵᠠᠷᠯᠠᠬᠤ᠂ ᠭᠠᠷ ᠤᠲᠠᠰᠤᠨ ᠤ ᠣᠬᠤᠷ ᠮᠡᠳᠡᠭᠡ ᠵᠡᠷᠭᠡ ᠪᠠᠷ ᠳᠠᠮᠵᠢᠭᠤᠯᠤᠨ ᠭᠦᠶ᠋ᠴᠡᠳᠭᠡᠬᠦ ᠠᠷᠭ᠎ᠠ ᠮᠠᠶ᠋ᠢᠭ ᠢ ᠮᠡᠳᠡᠭᠳᠡᠬᠦ ᠬᠡᠷᠡᠭᠲᠡᠶ᠃ ᠪᠤᠰᠤᠳ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠥᠮ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠬᠦᠷᠲᠡᠯ᠎ᠡ ᠨᠠᠷᠢᠯᠢᠬᠵᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠨᠢᠭᠲᠠ ᠮᠥᠷᠳᠡᠵᠦ᠂ ᠲᠡᠭᠦᠯᠳᠡᠷᠵᠢᠭᠦᠯᠬᠦ ᠴᠢᠬᠤᠯᠠᠲᠠᠶ ᠶᠢ ᠨᠢ ᠴᠠᠭ ᠲᠤᠬᠠᠶ ᠳᠤᠨᠢ ᠲᠡᠭᠦᠯᠳᠡᠷᠵᠢᠭᠦᠯᠬᠦ ᠬᠡᠷᠡᠭᠲᠡᠶ᠃ ᠬᠤᠶᠠᠷ ᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ︽ᠭᠤᠶᠤᠴᠢᠯᠠᠬᠤ ᠥᠬᠡᠶ ᠪᠠᠷ ᠳᠠᠷᠤᠢ ᠡᠳ᠋ᠯᠡᠬᠦ︾᠂ ᠰᠦᠯᠵᠢᠶᠡᠨ ᠳᠡᠭᠡᠷ᠎ᠡ ᠭᠦᠶ᠋ᠴᠡᠳᠭᠡᠬᠦ ᠶᠢ ᠶᠡᠭᠡ ᠪᠠᠷ ᠠᠬᠢᠭᠤᠯᠤᠨ᠎ᠠ᠃ ᠡᠳ᠋ ᠪᠠᠷᠠᠭᠠᠨ ᠤ ᠭᠦᠢᠯᠭᠡᠭᠡᠨ ᠤ ᠶᠡᠭᠡ ᠵᠠᠮ ᠪᠠ ᠪᠢᠴᠢᠯ ᠡᠷᠭᠢᠯᠲᠡ ᠶᠢ ᠨᠡᠪᠲᠡᠷᠡᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠤᠨ ᠪᠠᠷᠢᠮᠵᠢᠶᠠᠨ ᠳᠤ ᠬᠦᠷᠭᠡᠬᠦ ᠳᠤ᠂ ᠲᠦᠭᠵᠢᠷᠡᠯ ᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠨᠢᠭᠡ ᠪᠠᠷ ᠬᠠᠷᠢᠯᠴᠠᠵᠤ︾ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠢ᠃ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠤᠨ ᠲᠠᠯ᠎ᠠ ᠪᠠᠷ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠡᠬᠡ ᠲᠠᠩᠰᠠ ᠪᠠᠶᠢᠭᠤᠯᠵᠤ᠂ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ᠂ ᠭᠠᠵᠠᠷ ᠬᠡᠷᠡᠭᠯᠡᠬᠦ ᠶᠢ ᠴᠢᠩᠭᠠᠳᠬᠠᠬᠤ ᠵᠡᠷᠭᠡ ᠪᠠᠲᠤᠯᠠᠭ᠎ᠠ ᠪᠠᠷ ᠳᠠᠮᠵᠢᠭᠤᠯᠤᠨ ᠠᠯᠢ ᠲᠦᠷᠭᠡᠨ ᠢᠶᠠᠷ ᠠᠵᠢᠯ ᠡᠬᠢᠯᠡᠭᠦᠯᠬᠦ ᠶᠢ ᠠᠬᠢᠭᠤᠯᠬᠤ ᠬᠡᠷᠡᠭᠲᠡᠶ᠃ ᠵᠣᠨ ᠤ ᠬᠤᠷᠢᠶᠠᠯᠲᠠ ᠳᠤ ᠬᠡᠷᠡᠭᠯᠡᠬᠦ ᠲᠠᠷᠢᠶᠠᠯᠠᠩ ᠤᠨ ᠮᠠᠰᠢᠨ ᠢ ᠰᠦᠶ᠋ᠳᠭᠡᠯ ᠬᠤᠷᠢᠶᠠᠬᠤ ᠥᠬᠡᠶ ᠪᠠᠷ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ᠃ ᠲᠠᠪᠴᠠᠩᠳᠤ ᠠᠵᠤ ᠠᠬᠤᠶᠢᠯᠠᠯ ᠤᠨ ᠬᠠᠤᠯᠢ ᠲᠣᠭᠲᠠᠭᠠᠯ ᠶᠤᠰᠤᠭᠠᠷ ᠬᠢᠯᠢ ᠶᠢᠨ ᠳᠣᠲᠣᠨ᠎ᠠ ᠭᠠᠳᠠᠨ᠎ᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠬᠦ᠂ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠶᠢ ᠠᠭᠤᠵᠢᠭᠤ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠪᠠᠨ ᠴᠢᠩᠭᠠᠳᠬᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ 12 ᠮᠤᠵᠢ ᠳᠤ ᠲᠣᠮᠢᠯᠠᠭᠰᠠᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠭᠰᠠᠨ ᠰᠠᠭᠤᠷᠢᠨ ᠳᠡᠭᠡᠷ᠎ᠡ ᠳᠠᠷᠤᠶ ᠲᠦᠷᠭᠡᠨ ᠮᠡᠳᠡᠭᠦᠯᠦᠯᠲᠡ ᠬᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠲᠣᠪᠤᠶᠢᠮ᠎ᠠ ᠠᠰᠠᠭᠤᠳᠠᠯ ᠢ ᠵᠠᠷᠯᠠᠬᠤ ᠬᠡᠷᠡᠭᠲᠡᠶ᠃ ᠡᠯ᠎ᠡ ᠭᠠᠵᠠᠷ ᠤᠨ ᠬᠤᠶᠠᠳᠤᠭᠠᠷ ᠤᠯᠠᠷᠢᠯ ᠤᠨ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ᠂ ᠰᠠᠭᠤᠯᠭᠠᠨ ᠠᠪᠬᠤ ᠪᠠᠷ ᠦᠯᠡᠳᠡᠭᠡᠭᠰᠡᠨ ᠭᠠᠶᠢᠯᠢ ᠶᠢ ᠪᠤᠴᠠᠭᠠᠬᠤ ᠬᠦᠴᠦᠨ ᠵᠦᠶ᠋ᠯ ᠢ ᠬᠠᠰᠤᠭᠰᠠᠨ ᠤ ᠳᠠᠷᠠᠭᠠᠬᠢ ᠡᠳ᠋ ᠤᠨ ᠵᠠᠰᠠᠭ ᠤᠨ ᠣᠷᠣᠯᠭ᠎ᠠ᠂ ᠡᠳ᠋ ᠪᠠᠷᠠᠭᠠᠨ ᠤ ᠦᠨ᠎ᠡ ᠵᠡᠷᠭᠡ ᠭᠤᠤᠯ ᠵᠢᠭᠠᠯᠲᠠ ᠲᠤᠭ᠎ᠠ ᠶᠢ ᠲᠤᠭ᠎ᠠ ᠪᠦᠷᠢᠳᠭᠡᠯ ᠠᠴᠠ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠲᠣᠭᠲᠠᠭᠠᠯ ᠶᠣᠰᠣᠭᠠᠷ ᠦᠨᠡᠨ ᠠᠴᠠ ᠵᠥᠪ ᠢ ᠡᠷᠢᠨ ᠮᠤᠵᠢ ᠬᠤᠪᠢᠶᠠᠨ ᠨᠡᠶᠢᠲᠡᠯᠡᠨ᠎ᠡ ᠭᠡᠵᠦ ᠵᠢᠭᠠᠨ ᠭᠠᠷᠭᠠᠪᠠ᠃        ᠬᠤᠷᠠᠯ ᠠᠴᠠ᠂ ᠣᠳᠣᠬᠠᠨ ᠳᠤ ᠨᠢᠭᠡ ᠪᠦᠯᠦᠭ ᠤᠯᠠᠨ ᠲᠦᠮᠡᠨ ᠤ ᠠᠵᠢᠯ ᠣᠯᠭᠤᠯᠲᠠ ᠪᠠ ᠣᠷᠣᠯᠭ᠎ᠠ ᠨᠥᠯᠥᠭᠡᠯᠡᠭᠳᠡᠵᠦ᠂ ᠦᠨᠳᠦᠰᠦᠨ ᠠᠮᠢᠳᠤᠷᠠᠯ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠶᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠨᠢᠭᠡ ᠳᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠵᠤ᠂ ᠡᠨᠡ ᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠨᠡᠮᠡᠵᠦ ᠣᠯᠭᠤᠭᠰᠠᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 7 ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠠᠶ ᠣᠯᠭᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ ᠂ ᠠᠵᠢᠯ ᠠᠯᠳᠠᠭᠰᠠᠳ ᠪᠠ ᠠᠮᠢᠳᠤᠯᠢᠭ ᠢᠶᠠᠷ ᠠᠵᠢᠯ ᠣᠯᠤᠭᠰᠠᠳ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠬᠤ ᠬᠥᠮᠦᠨ ᠠᠮᠠ ᠵᠡᠷᠭᠡ ᠶᠢ ᠭᠤᠤᠯᠳᠠᠯᠭ᠎ᠠ ᠲᠠᠢ ᠤᠶᠢᠯᠠᠭᠠᠨ ᠵᠢᠭᠰᠠᠭᠠᠵᠤ᠂ ᠬᠦᠴᠢᠷᠳᠡᠯᠲᠡᠶ ᠬᠥᠮᠦᠰ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠬᠡᠷᠡᠭᠲᠡᠶ᠃ ᠡᠯ᠎ᠡ ᠭᠠᠵᠠᠷ ᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ ᠲᠤ ᠠᠮᠢᠳᠤᠷᠠᠯ ᠤᠨ ᠨᠥᠬᠦᠪᠥᠷᠢ ᠶᠢ ᠨᠢᠭᠡ ᠯᠡ ᠳᠤᠤᠷ᠎ᠠ ᠨᠡᠮᠡᠵᠦ ᠣᠯᠭᠤᠵᠤ ᠪᠣᠯᠤᠨ᠎ᠠ᠃ ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠠᠬᠤ ᠬᠠᠷᠢᠴᠠᠯ ᠪᠠ ᠡᠮ ᠤᠨ ᠵᠦᠶ᠋ᠯ ᠤᠨ ᠲᠥᠷᠥᠯ ᠵᠦᠶ᠋ᠯ ᠤᠨ ᠲᠣᠭᠲᠠᠭᠤᠨ ᠢ ᠪᠠᠲᠤᠯᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠶ᠋ᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠨᠥᠬᠦᠴᠡᠯ ᠳᠤ ᠨᠡᠶᠢᠴᠡᠪᠡᠴᠤ ᠲᠦᠷ ᠴᠠᠭ ᠬᠦᠴᠢᠷᠳᠡᠯ ᠳᠤ ᠲᠤᠯᠭᠠᠷᠠᠭᠠᠳ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠶ᠋ᠳᠭᠡᠯ ᠢ ᠲᠤᠰᠢᠶᠠᠵᠤ ᠳᠡᠶᠢᠯᠬᠦ ᠥᠬᠡᠶ ᠬᠦᠮᠦᠰ ᠲᠤ ᠲᠦᠷ ᠴᠠᠭ ᠤᠨ ᠳᠠᠭᠠᠳᠬᠠᠯ ᠳᠤ ᠣᠷᠣᠯᠴᠠᠬᠤ ᠲᠤᠰᠠᠯᠠᠮᠵᠢ ᠦᠵᠡᠭᠦᠯᠬᠦ ᠬᠡᠷᠡᠭᠲᠡᠶ᠃ ᠳᠥᠷᠪᠡ ᠳᠤ᠂ ᠠᠷᠠᠳ ᠤᠨ ᠠᠮᠢᠳᠤᠷᠠᠯ ᠤᠨ ᠨᠠᠩ ᠣᠯᠠᠨ ᠪᠠᠲᠤᠯᠠᠭ᠎ᠠ ᠶᠢᠨ ᠭᠠᠷᠲᠠᠨ ᠭᠦᠶ᠋ᠴᠡᠳᠭᠡᠬᠦ ᠦᠶ᠋ᠯᠡᠴᠢᠯᠡᠭᠡ ᠶᠢ ᠮᠤᠵᠢ ᠠᠯᠤᠰᠯᠠᠨ ᠨᠡᠶᠢᠳᠡᠮ ᠭᠦᠶ᠋ᠴᠡᠳᠭᠡᠬᠦ᠂ ᠳᠥᠭᠦᠮ ᠳᠥᠲᠡ ᠭᠦᠶ᠋ᠴᠡᠳᠭᠡᠬᠦ ᠶᠢ ᠠᠬᠢᠭᠤᠯᠬᠤ ᠬᠡᠷᠡᠭᠲᠡᠶ ᠃ ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠯᠡᠳᠡᠭᠡᠨ ᠠᠪᠴᠤ ᠡᠵᠡᠯᠡᠬᠦ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ