ᠤᠷᠠᠳ ᠤᠨ ᠡᠮᠦᠨᠡᠲᠦ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠴᠡᠭᠴᠡᠯᠡᠬᠦ ᠠᠵᠢᠯ ᠥᠷᠨᠢᠭᠦᠯᠵᠦ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢ ᠬᠠᠮᠠᠭᠠᠯᠠᠨ ᠳᠡᠮᠵᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/6/6
     6 ᠰᠠᠷ᠎ᠠ ᠶᠢᠨ 2 ᠤᠨ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠯᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠮᠲᠤᠷᠠᠨ ᠪᠠᠶᠢᠴᠠᠭᠠᠵᠤ ᠴᠡᠭᠴᠡᠯᠡᠨ ᠵᠠᠰᠠᠪᠠ᠃

高考护航1.jpg

     ᠪᠠᠶᠢᠴᠠᠭᠠᠬᠤ ᠳᠤᠭᠤᠶᠢᠯᠠᠩ ᠨᠢᠭᠡᠳᠦᠯᠲᠡᠢ ᠠᠵᠢᠯᠯᠠᠭ᠎ᠠ ᠠᠪᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠷᠭ᠎ᠠ ᠬᠡᠯᠪᠡᠷᠢ ᠪᠠᠷ ᠤᠷᠢᠳ ᠬᠤᠵᠢᠳ  ᠡᠮᠦᠨᠡᠲᠦ

ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠪᠠ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠢ

ᠮᠡᠷᠭᠡᠵᠢᠯ ᠤᠨ ᠰᠤᠷᠭᠠᠭᠤᠯᠢ ᠶᠢᠨ ᠪᠡᠯᠡᠳᠬᠡᠯ ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠰᠣᠶᠣᠯ ᠤᠨ

ᠬᠡᠷᠡᠭᠰᠡᠯ ᠤᠨ ᠳᠡᠯᠭᠡᠭᠦᠷ᠂ ᠬᠤᠳᠠᠯᠳᠤᠭ᠎ᠠ ᠳᠡᠯᠭᠡᠭᠦᠷ ᠵᠡᠷᠭᠡ ᠲᠠᠯᠠᠪᠤᠷ ᠲᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠲᠤᠰ ᠲᠤᠰ ᠤᠨ

ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠡᠷᠬᠢᠨ ᠲᠣᠭᠤᠷᠢᠨ ᠤ ᠡᠵᠡᠩᠨᠡᠯᠲᠡ ᠶᠢᠨ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ

ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠲᠠᠭᠤ ᠱᠤᠤᠭᠢᠶᠠᠨ ᠤ ᠪᠣᠬᠢᠷᠳᠤᠯ᠂ ᠳᠦᠷᠢᠮ ᠠᠴᠠ

ᠵᠥᠷᠢᠴᠡᠨ ᠬᠡᠮ ᠦᠶᠯᠡᠳᠬᠦ ᠪᠠᠭᠠᠵᠢ ᠬᠡᠷᠡᠭᠰᠡᠯ᠂ ᠲᠠᠮᠠᠬᠢ ᠬᠤᠳᠠᠯᠳᠤᠭᠰᠠᠨ ᠵᠡᠷᠭᠡ ᠪᠠᠶᠢᠳᠠᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠬᠢᠵᠦ᠂ ᠢᠯᠡᠷᠡᠭᠦᠯᠦᠭᠰᠡᠨ

ᠠᠰᠠᠭᠤᠳᠠᠯ ᠢ ᠳᠠᠷᠤᠶᠢᠬᠠᠨ ᠴᠡᠭᠴᠡᠯᠡᠨ ᠵᠠᠰᠠᠵᠤ᠂ ᠬᠡᠮ ᠰᠣᠭᠤᠭ ᠢ ᠪᠦᠬᠦᠨ ᠢ ᠠᠷᠢᠯᠭᠠᠵᠤ᠂ ᠪᠥᠬᠦ ᠬᠤᠰᠢᠭᠤᠨ ᠤ ᠰᠢᠯᠭᠠᠭᠤᠯᠤᠭᠴᠢᠳ ᠲᠤ ᠠᠮᠤᠷ ᠲᠦᠪᠰᠢᠨ᠂

ᠲᠣᠭᠲᠠᠭᠤᠨ᠂ ᠤᠷᠤᠭᠰᠢᠲᠠᠢ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠬᠤᠳᠠᠯᠳᠤᠭᠠᠴᠢᠳ ᠲᠤ ᠱᠠᠭᠠᠷᠳᠠᠪᠠ᠃

高考护航2.jpg

     ︽2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠳᠤ᠂ ᠪᠢᠳᠡ ᠭᠤᠣᠯᠳᠠᠭᠤ

ᠳᠣᠣᠷᠠᠬᠢ ᠮᠡᠲᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠠᠪᠴᠠᠢ᠂ ᠨᠢᠭᠡ ᠳᠤ ᠪᠣᠶ ᠪᠦᠬᠦᠢ ᠰᠢᠯᠭᠠᠭᠤᠯᠤᠭᠴᠢ᠂ ᠠᠵᠢᠯᠲᠠᠨ ᠵᠢᠴᠢ ᠬᠠᠮᠲᠤ ᠰᠠᠭᠤᠭ᠎ᠠ ᠬᠥᠮᠥᠰ ᠲᠤ

ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠡᠮᠦᠨᠡᠬᠢ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠡ︔

ᠬᠤᠶᠠᠷ ᠲᠤ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠢᠯᠭᠠᠯᠲᠠ ᠶᠢᠨ ᠲᠠᠯᠠᠪᠤᠷ ᠭᠠᠷᠭᠠᠬᠤ ᠠᠴᠠ ᠭᠠᠳᠠᠨ᠎ᠠ᠂ ᠪᠠᠰᠠ ᠠᠵᠢᠯ ᠤᠨ ᠪᠠᠶᠢᠷᠢ᠂ ᠵᠣᠴᠢᠳ ᠤᠨ ᠪᠠᠭᠤᠳᠠᠯ

᠂ ᠡᠮᠨᠡᠯᠭᠡ ᠶᠢᠨ ᠬᠤᠷᠢᠶ᠎ᠠ ᠳᠤ ᠨᠡᠶᠢᠲᠡ 111 ᠪᠡᠯᠡᠳᠬᠡᠯ ᠰᠢᠯᠭᠠᠯᠲᠠ ᠶᠢᠨ ᠲᠠᠯᠠᠪᠤᠷ ᠭᠠᠷᠭᠠᠵᠠᠢ︔ ᠭᠤᠷᠪᠠ ᠳᠤ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ

ᠣᠷᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠮᠤᠷ ᠲᠦᠪᠰᠢᠨ ᠤ ᠵᠠᠢ ᠶᠢ ᠪᠠᠲᠤᠯᠠᠨ᠂

ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠨ᠎ᠡ︔ ᠳᠥᠷᠪᠡ ᠳᠤ᠂ ᠰᠢᠯᠭᠠᠯᠲᠠ ᠳᠤ ᠪᠠᠷ᠎ᠠ ᠪᠣᠯᠬᠤ ᠭᠡᠷ ᠤᠨ ᠠᠬᠠᠮᠠᠳ ᠪᠦᠬᠦᠨ ᠰᠢᠯᠭᠠᠯᠲᠠ ᠶᠢᠨ

ᠴᠡᠭ ᠠᠴᠠ ᠭᠠᠳᠠᠨ᠎ᠠ ᠳᠤᠲᠠᠭᠤ ᠴᠤᠭᠯᠠᠷᠠᠬᠤ  ᠶᠢ ᠪᠠᠷᠢᠮᠲᠠᠯᠠᠬᠤ ᠬᠡᠷᠡᠭᠲᠡᠢ︔ ᠲᠠᠪᠤ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠰᠢᠯᠭᠠᠯᠲᠠ ᠶᠢᠨ ᠴᠡᠭ ᠠᠴᠠ ᠭᠠᠳᠠᠨ᠎ᠠ

ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠶᠡᠷᠦᠩᠬᠡᠶᠢᠯᠡᠨ ᠵᠠᠰᠠᠨ᠎ᠠ︾ ᠭᠡᠵᠦ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ

ᠲᠣᠪᠴᠢᠶ᠎ᠠ ᠶᠢᠨ ᠳᠡᠳ᠋ ᠳᠠᠷᠤᠭ᠎ᠠ ᠸᠠᠩ ᠬᠤᠶ ᠬᠡᠯᠡᠵᠡᠢ᠃

高考护航3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ