ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/6
     6 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠰᠣᠶᠣᠯᠲᠤ ᠨᠠᠷ ᠤᠷᠢᠳ ᠬᠤᠵᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠴᠢᠶᠠᠨ ᠶᠤᠸᠠᠨ ᠪᠠᠭᠤᠳᠠᠯ᠂ ᠮᠤᠨᠠ ᠠᠭᠤᠯᠠ ᠶᠢᠨ ᠲᠦᠷᠭᠡᠨ ᠤ ᠵᠠᠮ ᠤᠨ ᠠᠭᠤᠯᠵᠠᠷ ᠲᠤ ᠬᠦᠷᠴᠦ᠂ ᠴᠤᠪᠤᠷᠠᠯ ᠪᠠᠶᠢᠴᠠᠭᠠᠯᠲᠠ ᠶᠢᠨ ᠡᠬᠢ ᠡᠭᠦᠰᠦᠯ ᠤᠨ ᠠᠵᠢᠯ ᠤᠨ ᠶᠠᠪᠤᠴᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ᠂ ᠠᠵᠢᠯᠲᠠᠨ ᠤ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

防控1.jpg

     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ᠂ ᠰᠣᠶᠣᠯᠲᠤ ᠬᠡᠯᠡᠬᠦ ᠳᠡᠭᠡᠨ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠪᠣᠯ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠭᠤᠭᠴᠤᠭ᠎ᠠ ᠮᠥᠨ᠂ ᠸᠢᠷᠦ᠋ᠰ ᠤᠨ ᠬᠠᠯᠳᠠᠪᠤᠷᠢᠯᠠᠬᠤ ᠵᠠᠮ ᠢ ᠲᠠᠰᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ

ᠮᠥᠨ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠤᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠲᠦᠷᠭᠡᠨ

ᠣᠨᠣᠪᠴᠢᠲᠠᠶ ᠪᠠᠶᠢᠬᠤ᠂ ᠨᠢᠭᠡᠳᠦᠯᠲᠡᠶ ᠲᠥᠯᠥᠪᠵᠢᠭᠦᠯᠦᠨ ᠥᠨᠳᠥᠷ ᠪᠦᠲᠦᠮᠵᠢᠲᠡᠶ ᠪᠠᠶᠢᠬᠤ ᠶᠢ ᠳᠣᠪᠤᠶᠢᠯᠭᠠᠵᠤ᠂ ᠬᠢᠵᠢᠭ ᠣᠷᠣᠵᠤ ᠢᠷᠡᠬᠦ᠂ ᠳᠠᠷᠬᠠᠨ ᠳᠡᠯᠭᠡᠷᠡᠬᠦ

ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠡᠶ᠃

防控2.jpg

    ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ᠂ ᠰᠣᠶᠣᠯᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠦᠶ ᠵᠣᠬᠢᠰᠲᠠᠶ ᠰᠢᠨᠵᠢᠯᠡᠬᠦ

ᠤᠬᠠᠭᠠᠨᠴᠢ ᠪᠠᠷ ᠲᠣᠬᠢᠷᠠᠭᠤᠯᠵᠤ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ

ᠬᠠᠮᠲᠤ ᠥᠯᠢᠭᠡᠷ ᠡᠳ᠋ ᠠᠪᠬᠤ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠪᠥᠭᠡᠮ ᠬᠦᠴᠢᠯ ᠢ ᠰᠢᠯᠭᠠᠨ ᠪᠠᠶᠢᠴᠠᠭᠠᠵᠤ

ᠰᠢᠭᠰᠢᠨ ᠪᠠᠶᠢᠴᠠᠭᠠᠬᠤ ᠠᠵᠢᠯ ᠢ ᠠᠮᠤᠷ ᠲᠦᠪᠰᠢᠨ ᠥᠨᠳᠥᠷ ᠪᠦᠲᠦᠮᠵᠢᠲᠡᠶ ᠬᠢᠬᠦ ᠶᠢ ᠦᠨᠡᠨ ᠬᠦ ᠪᠠᠲᠤᠯᠠᠵᠤ᠂ ᠭᠠᠵᠠᠷ ᠣᠷᠣᠨ ᠤ ᠠᠷᠠᠳ ᠢᠷᠭᠡᠳ ᠲᠤ ᠠᠮᠤᠷ

ᠲᠦᠪᠰᠢᠨ ᠡᠮᠬᠢ ᠵᠢᠷᠤᠮ ᠲᠠᠢ ᠪᠥᠭᠡᠮ ᠬᠦᠴᠢᠯ ᠤᠨ ᠥᠯᠢᠭᠡᠷ ᠡᠳ᠋ ᠠᠪᠬᠤ ᠪᠠ ᠡᠪᠡᠳᠴᠢᠨ ᠦᠵᠡᠭᠦᠯᠬᠦ ᠣᠷᠴᠢᠨ ᠨᠦᠬᠦᠴᠡᠯ ᠢ ᠪᠣᠶ ᠪᠣᠯᠭᠠᠵᠤ ᠥᠭᠬᠦ ᠬᠡᠷᠡᠭᠲᠡᠶ

ᠭᠡᠵᠦ ᠬᠦᠰᠡᠪᠡ᠃

防控3.jpg

    ᠴᠢᠶᠠᠨ ᠶᠤᠸᠠᠨ ᠪᠠᠭᠤᠳᠠᠯ ᠤᠨ ᠲᠤᠰᠠᠭᠠᠷᠯᠠᠬᠤ ᠴᠡᠭ ᠤᠨ ᠰᠢᠯᠭᠠᠯᠲᠠ ᠶᠢᠨ ᠲᠠᠯᠠᠪᠠᠢ ᠳᠤ᠂ ᠰᠣᠶᠣᠯᠲᠤ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠣᠨᠴᠠᠭᠠᠢ ᠰᠢᠯᠭᠠᠯᠲᠠ ᠶᠢᠨ ᠲᠠᠯᠠᠪᠠᠢ ᠶᠢᠨ

ᠰᠢᠯᠭᠠᠯᠲᠠ ᠠᠴᠠ ᠡᠮᠦᠨᠡᠬᠢ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠤᠷᠢᠳᠴᠢᠯᠠᠨ

ᠲᠥᠯᠥᠪᠵᠢᠭᠦᠯᠬᠦ ᠪᠠ ᠰᠣᠷᠢᠯᠲᠠ ᠬᠢᠵᠦ᠂ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠬᠥᠮᠦᠰ ᠢ ᠲᠤᠬᠢᠷᠠᠭᠤᠯᠤᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠮᠤᠨᠠ ᠠᠭᠤᠯᠠ ᠶᠢᠨ ᠲᠦᠷᠭᠡᠨ ᠤ ᠵᠠᠰᠠᠮᠠᠯ ᠵᠠᠮ ᠤᠨ ᠠᠭᠤᠯᠵᠠᠷ ᠲᠤ᠂ ᠰᠣᠶᠣᠯᠲᠤ᠂ ᠬᠥᠮᠦᠨ ᠬᠠᠷ᠎ᠠ ᠶᠢᠨ ᠡᠩᠨᠡᠭᠡ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂

ᠬᠥᠮᠦᠨ ᠬᠠᠷ᠎ᠠ ᠪᠣᠯᠤᠨ ᠲᠡᠷᠭᠡ ᠬᠥᠰᠬᠡ ᠶᠢᠨ ᠣᠷᠣᠵᠤ ᠭᠠᠷᠬᠤ ᠬᠠᠮᠢᠶᠠᠷᠤᠯᠲᠠ ᠶᠢ ᠴᠢᠩᠭ᠎ᠠ ᠰᠠᠶᠢᠲᠤᠷ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠪᠥᠭᠡᠮ ᠬᠦᠴᠢᠯ ᠢ

ᠪᠠᠶᠢᠴᠠᠭᠠᠨ ᠬᠡᠮᠵᠢᠬᠦ ᠭᠡᠷᠡᠴᠢ ᠪᠣᠯᠤᠨ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ

ᠪᠣᠳᠠᠲᠠᠢ ᠠᠳᠬᠤᠨ ᠨᠠᠷᠢᠯᠢᠭ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠷᠣᠬᠤ ᠡᠭᠦᠳᠡ ᠶᠢᠨ

ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠰᠠᠶᠢᠲᠤᠷ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ 

防控4.jpg

     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ᠂ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠶᠤᠸᠠᠢ ᠮᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠦ᠋ ᠴᠠᠩ ᠵᠢᠴᠢ

ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ

ᠰᠤᠳᠤᠯᠤᠯᠲᠠ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ