2.21 ᠲᠦᠮᠡᠨ ᠠᠵᠦ ᠠᠬᠤᠶᠢᠯᠠᠯ ᠠᠰᠢᠭ ᠬᠦᠷᠳᠡᠪᠡ
ᠨᠡᠶᠢᠲᠡᠯᠡᠭᠰᠡᠨ ᠴᠠᠭ᠄
2022/6/6
      4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠶᠡᠭᠡ ᠬᠡᠪᠴᠢᠶᠡᠨ ᠤ  ᠨᠡᠮᠡᠭᠳᠡᠯ  ᠦᠷᠳᠡᠭ  ᠤᠨ  ᠭᠠᠶᠢᠯᠢ  ᠶᠢ ᠪᠤᠴᠠᠭᠠᠬᠤ ᠰᠢᠨ᠎ᠡ ᠲᠥᠷᠥ ᠶᠢᠨ  ᠪᠣᠳᠣᠯᠭ᠎ᠠ  ᠶᠢ  ᠬᠡᠷᠡᠭᠵᠢᠭᠦᠯᠦᠭᠰᠡᠨ ᠠᠴᠠ  ᠨᠠᠰᠢ᠂  ᠤᠯᠤᠰ ᠤᠨ  ᠬᠥᠮᠥᠷᠭᠡ  ᠶᠢᠨ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢᠨ ᠬᠢᠨ ᠶᠡᠷᠦᠩᠬᠡᠶ ᠬᠥᠮᠥᠷᠭᠡ ᠶᠢᠨ 7 ᠪᠦᠯᠦᠭ ᠤᠨ ᠨᠡᠮᠡᠭᠳᠡᠯ ᠦᠷᠳᠡᠭ ᠤᠨ ᠭᠠᠶᠢᠯᠢ  ᠶᠢ ᠪᠣᠴᠠᠭᠠᠬᠤ ᠲᠣᠰᠬᠠᠢ ᠪᠠᠯᠠ ᠮᠥᠩᠭᠦ ᠶᠢ 87.54 ᠳ᠋ᠦᠩᠰᠢᠭᠤᠷ ᠲᠥᠭᠦᠷᠢᠭ ᠣᠯᠵᠦ᠂ 12  ᠠᠶᠢᠮᠠᠭ  ᠬᠤᠲᠠ  ᠪᠠ  ᠡᠷᠢᠶᠡᠨ ᠬᠤᠲᠠ᠂ ᠮᠠᠨᠵᠤᠤᠷ ᠬᠤᠲᠠ ᠳᠤ 125.46 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠬᠤᠪᠢᠶᠠᠷᠢᠯᠠᠨ ᠥᠭᠴᠡᠶ︔ ᠪᠥᠬᠦ ᠣᠷᠣᠨ ᠤ ᠡᠯ᠎ᠡ ᠱᠠᠲᠤᠨ ᠤ ᠤᠯᠤᠰ ᠤᠨ ᠬᠥᠮᠥᠷᠭᠡ ᠶᠢᠨ ᠬᠢᠨ ᠨᠡᠶᠢᠲᠡ  224.44  ᠳ᠋ᠦᠩᠰᠢᠭᠤᠷ  ᠲᠥᠭᠦᠷᠢᠭ ᠤᠨ ᠨᠡᠮᠡᠭᠳᠡᠯ ᠦᠷᠳᠡᠭ ᠤᠨ ᠭᠠᠶᠢᠯᠢ ᠶᠢ ᠪᠤᠴᠠᠭᠠᠬᠤ ᠭᠠᠷ ᠬᠦᠢᠴᠡᠳᠭᠡᠯ ᠬᠢᠵᠦ᠂ 2.21 ᠲᠦᠮᠡᠨ  ᠠᠵᠤ  ᠠᠬᠤᠶᠢᠯᠠᠯ ᠳᠤ  ᠠᠰᠢᠭ ᠬᠦᠷᠲᠡᠭᠡᠪᠡ᠃                 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋