ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ᠂ ᠠᠵᠤ ᠦᠢᠯᠡᠳᠪᠤᠷᠢ | ᠪᠠ ᠮᠡᠳᠡᠭᠡ ᠵᠠᠩᠭᠢᠵᠢᠯᠲᠠ ᠶᠢᠨ ᠶᠠᠮᠤᠨ ᠭᠤᠷᠪᠠᠳᠠᠬᠢ ᠡᠲᠡᠭᠡᠳ ᠤᠨ ᠰᠢᠯᠭᠠᠨ ᠬᠡᠮᠵᠢᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠤ | ᠠᠩᠬᠠᠷᠴᠤ ᠪᠠᠶᠢᠭ᠎ᠠ ᠠᠮᠢᠳᠤᠷᠠᠯ ᠤᠨᠦᠢᠯᠡᠴᠢᠯᠡᠭᠡᠨ ᠤ ᠲᠥᠷᠥᠯ᠂ ᠡᠳᠦᠷ ᠲᠤᠲᠤᠮ ᠤᠨ ᠪᠠᠭᠠᠵᠢ ᠬᠡᠷᠡᠭᠰᠡᠯ ᠤᠨ ᠲᠥᠷᠥᠯ ᠵᠡᠷᠭᠡ ᠰᠢᠯᠵᠢᠮᠡᠯ ᠢᠨᠲ᠋ᠧᠷ ᠰᠦᠯᠵᠢᠶᠡᠨ ᠤ | ᠬᠡᠷᠡᠭᠯᠡᠭᠡᠨ ᠤ ᠫᠷᠤᠭ᠍ᠷᠠᠮ ︵APP︶ ᠳᠤ ᠪᠠᠶᠢᠴᠠᠭᠠᠯᠲᠠ ᠬᠢᠵᠦ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠣᠷᠣᠰᠢᠵᠤ | ᠪᠠᠶᠢᠬᠤ ᠶᠢ ᠣᠯᠵᠤ ᠮᠡᠳᠡᠭᠰᠡᠨ 368 ᠵᠥᠢᠯ ᠤᠨ APP ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠣᠳᠣᠬᠠᠨ ᠪᠣᠯᠲᠠᠯ᠎ᠠ᠂ 84 ᠵᠥᠢᠯ ᠤᠨ | APP ᠨᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠥᠬᠡᠶ ᠪᠠᠶᠢᠨ᠎ᠠ᠂ ᠡᠭᠦᠨ ᠳᠤ ︽ᠡᠳᠦᠷ ᠪᠦᠷᠢ ᠰᠢᠨ᠎ᠡ ᠰᠣᠷᠭᠤᠭ︾᠂ ︽ᠠᠵᠢᠯᠴᠢ | ᠵᠦᠭᠡᠢ︾᠂ ︽ᠠᠪᠴᠤ ᠶᠠᠪᠤᠬᠤ ᠳᠤ ᠲᠦᠭᠦᠮ ebooking︾᠂ ︽adidas︾ ᠵᠡᠷᠭᠡ APP ᠪᠠᠭᠲᠠᠵᠤ ᠪᠠᠶᠢᠨ᠎ᠠ᠃ ᠠᠵᠤ ᠦᠢᠯᠡᠳᠪᠤᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠱᠠᠭᠠᠷᠳᠠᠭᠰᠠᠨ ᠨᠢ᠂ ᠬᠤᠯᠪᠣᠭᠳᠠᠯ ᠪᠥᠬᠦᠶ APP ᠨᠢ 6 ᠰᠠᠷ᠎ᠠ ᠶᠢᠨ 8 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠳᠠᠭᠤᠰᠬᠠᠬᠤ ᠬᠡᠷᠡᠭᠲᠡᠶ᠃ ᠲᠤᠭᠲᠠᠭᠰᠠᠨ ᠬᠤᠭᠤᠴᠠᠭ᠎ᠠ ᠳᠤ ᠴᠡᠭᠴᠡᠯᠡᠨ ᠰᠠᠶᠢᠵᠢᠷᠠᠭᠤᠯᠬᠤ ᠥᠬᠡᠶ ᠪᠠᠶᠢᠪᠠᠯ᠂ ᠬᠠᠮᠢᠶ᠎ᠠ ᠪᠥᠬᠦᠶ | ᠰᠢᠢᠳᠪᠤᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠥᠷᠨᠢᠭᠦᠯᠦᠨ᠎ᠡ᠃ | |