ᠡᠳᠡᠭᠡᠷ ᠣᠶᠣᠲᠠᠳ ᠢ ᠲᠦᠪᠯᠡᠷᠡᠬᠦᠯᠦᠨ ᠲᠣᠰᠠᠭᠠᠷᠯᠠᠬᠤ ᠦᠬᠡᠢ
ᠨᠡᠶᠢᠲᠡᠯᠡᠭᠰᠡᠨ ᠴᠠᠭ᠄
2022/6/7
       ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ ᠡᠳᠡᠭᠡᠷ ᠣᠶᠣᠲᠠᠳ ᠢ ᠲᠦᠪᠯᠡᠷᠡᠬᠦᠯᠦᠨ ᠲᠣᠰᠠᠭᠠᠷᠯᠠᠬᠤ ᠦᠬᠡᠢ‌ᠮᠡᠳᠡᠭᠡ ᠶᠢ  ᠦᠨᠳᠦᠰᠦᠯᠡᠪᠡᠯ᠂  ᠣᠶᠣᠲᠠᠳ ᠤᠨ  ᠵᠣᠨ  ᠤ ᠠᠮᠠᠷᠠᠯᠲᠠ ᠪᠠᠷ ᠨᠣᠲᠤᠭ ᠪᠣᠴᠠᠬᠤ ᠦᠶ᠎ᠡ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ  ᠶᠢᠨ  ᠲᠥᠯᠥᠭᠡ᠂ ᠲᠦᠷᠦᠬᠦᠭᠡᠨ ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠢ ᠬᠤᠯᠪᠣᠭᠠᠯᠠᠨ  ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠲᠣᠭᠲᠠᠴᠠ ᠠᠴᠠ ᠡᠯ᠎ᠡ ᠭᠠᠵᠠᠷ ᠲᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠰᠤᠷᠭᠠᠭᠤᠯᠢ ᠶᠢᠨ ᠬᠦᠷᠢᠶᠡᠨ ᠳᠤ ᠬᠢᠵᠢᠭ ᠳᠡᠯᠭᠡᠷᠡᠭᠰᠡᠨ  ᠦᠬᠡᠢ  ᠪᠣᠯ᠂  7  ᠡᠳᠦᠷ  ᠠᠴᠠ  ᠢᠯᠡᠬᠦᠦ ᠪᠢᠲᠡᠭᠦᠮᠵᠢᠯᠡᠭᠰᠡᠨ ᠬᠠᠮᠢᠶᠠᠷᠤᠯᠲᠠ ᠬᠡᠷᠡᠭᠵᠢᠭᠦᠯᠦᠭᠰᠡᠨ ᠤ  ᠳᠠᠷᠠᠭ᠎ᠠ᠂  ᠰᠣᠷᠣᠭᠴᠢᠳ  48  ᠴᠠᠭ  ᠤᠨ  ᠳᠣᠲᠣᠷᠠᠬᠢ  ᠪᠥᠭᠡᠮ ᠬᠦᠴᠢᠯ ᠤᠨ ᠪᠠᠶᠢᠴᠠᠭᠠᠯᠲᠡ ᠶᠢᠨ ᠪᠢᠯᠢᠭ ᠴᠢᠨᠠᠷ ᠤᠨ ᠭᠡᠷᠡᠴᠢ ᠪᠣᠯᠤᠨ ᠰᠤᠷᠭᠠᠭᠤᠯᠢ ᠶᠢᠨ ᠭᠡᠷᠡᠴᠢ ᠪᠠᠨ ᠠᠪᠴᠤ᠂  ᠬᠤᠶᠠᠷ ᠴᠡᠭ ᠨᠢᠭᠡ ᠱᠣᠭᠤᠮ ᠤᠨ ᠪᠢᠳᠡᠬᠦᠮᠵᠢᠯᠡᠭᠰᠡᠡ ᠬᠠᠮᠢᠶᠠᠷᠣᠯᠲᠠ ᠪᠠᠷ ᠨᠤᠲᠤᠭ  ᠲᠠᠭᠠᠨ  ᠪᠣᠴᠠᠵᠦ  ᠪᠣᠯᠤᠨ᠎ᠠ᠃  ᠳᠡᠭᠡᠷᠡᠬᠢ  ᠨᠥᠬᠦᠴᠡᠯ  ᠢ ᠬᠠᠩᠭᠠᠭᠰᠠᠨ ᠣᠶᠣᠲᠠᠳ ᠢ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠥᠬᠡᠶ᠂ ᠬᠡᠷ ᠲᠡᠭᠡᠨ ᠬᠦᠷᠦᠭᠰᠡᠨ ᠤ ᠳᠠᠷᠠᠭ᠎ᠠ 7  ᠡᠳᠦᠷ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ᠬᠡᠷᠪᠡ ᠬᠡᠪ ᠤᠨ ᠪᠤᠰᠤ ᠪᠠᠶᠢᠳᠠᠯ ᠭᠠᠷᠪᠠᠯ᠂ ᠲᠤᠬᠠᠶ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠬᠤᠶᠠᠷ᠂ ᠨᠤᠲᠤᠭ ᠪᠤᠴᠠᠭᠰᠠᠨ ᠣᠶᠣᠲᠠᠳ ᠢ ᠦᠨᠡᠨᠬᠦ ᠲᠤᠰᠠᠭᠠᠷᠯᠠᠬᠤ ᠴᠢᠬᠤᠯᠠ ᠲᠠᠢ ᠪᠣᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠭᠡᠯᠳᠦᠷᠢᠭᠦᠯᠦᠨ᠎ᠡ᠃ ᠰᠣᠷᠭᠠᠭᠤᠯᠢ ᠶᠢᠨ ᠲᠠᠯ᠎ᠠ ᠶᠢᠨ ᠬᠢᠨ ᠰᠤᠷᠤᠭᠴᠢᠳ ᠤᠨ ᠡᠷᠡᠭᠦᠯ ᠮᠡᠨᠳᠦ ᠶᠢᠨ ᠬᠥᠮᠦᠵᠢᠯ ᠪᠠ ᠠᠮᠤᠷ ᠲᠦᠪᠰᠢᠨ ᠤ ᠬᠥᠮᠦᠵᠢᠯ ᠢ  ᠴᠢᠩᠭᠠᠳᠬᠠᠨ᠂  ᠰᠤᠷᠤᠭᠴᠢᠳ  ᠢ  ᠬᠥᠲᠥᠯᠦᠨ  ᠵᠢᠯᠣᠭᠤᠳᠴᠤ ᠪᠠᠶᠢᠭᠠᠳ ᠨᠣᠲᠤᠭ ᠪᠣᠴᠠᠬᠤ ᠦᠶ᠎ᠡ ᠶᠢᠨ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠲᠠ ᠶᠢ ᠰᠠᠶᠢᠲᠤᠷ ᠬᠢᠯᠭᠡᠬᠦ ᠬᠡᠷᠡᠭᠲᠡᠶ᠃ ᠭᠤᠷᠪᠠ᠂ ᠮᠤᠵᠢ ᠶᠢᠨ ᠱᠠᠲᠤᠨ ᠤ ᠬᠢᠵᠢᠭ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠲᠣᠭᠲᠠᠴᠠ ᠶᠢᠨ ᠬᠢᠨ ᠨᠤᠲᠤᠭ ᠪᠤᠴᠠᠬᠤ ᠤᠶᠤᠲᠠᠳ ᠤᠨ ᠮᠡᠳᠡᠭᠡ ᠵᠠᠩᠭᠢ ᠶᠢ ᠤᠷᠢᠳᠴᠢᠯᠠᠨ ᠪᠦᠷᠢᠳᠬᠡᠨ᠂ ᠰᠤᠷᠤᠭᠴᠢᠳ ᠤᠨ ᠨᠤᠲᠤᠭ ᠪᠤᠴᠠᠬᠤ ᠵᠠᠮ ᠳᠠᠬᠢ ᠭᠡᠨᠡᠳᠲᠡ ᠶᠢᠨ ᠪᠠᠶᠢᠳᠠᠯ ᠢ ᠴᠠᠭ ᠲᠤᠬᠠᠶ ᠳᠤᠨᠢ ᠵᠣᠬᠢᠴᠠᠭᠤᠯᠣᠨ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠨᠤᠭᠤᠳ  ᠰᠤᠷᠤᠭᠴᠢᠳ ᠤᠨ ᠬᠦᠰᠡᠯ ᠢ ᠬᠦᠨᠳᠦᠳᠬᠡᠵᠦ᠂ ᠰᠤᠷᠭᠠᠭᠤᠯᠢ  ᠳᠠᠭᠠᠨ  ᠦᠯᠡᠳᠡᠭᠰᠡᠨ ᠰᠤᠷᠤᠭᠴᠢᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃               
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋