ᠰᠢ ᠶᠢᠨ ᠫᠢᠩ ᠨᠥᠬᠦᠷ ᠤᠨ ︽︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2022/6/9
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠤᠢᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃      ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ 61 ᠴᠢᠬᠤᠯᠠ ᠵᠣᠬᠢᠶᠠᠯ ᠢ ᠣᠷᠣᠭᠤᠯᠵᠠᠢ᠃ ᠡᠭᠦᠨ ᠳᠤ ᠨᠢᠭᠡ ᠪᠦᠯᠦᠭ ᠵᠤᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃      ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠪᠣᠯ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠬᠤ ᠶᠢ ᠪᠠᠷᠢᠮᠳᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠡᠭᠡ ᠲᠡᠭᠡᠭᠰᠢᠯᠡᠯᠲᠡ ᠶᠢ ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠰᠢᠨᠡᠳᠴᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠨᠡᠭᠡᠭᠡᠬᠦ ᠳᠤ ᠴᠢᠬᠤᠯᠠ ᠲᠤᠯᠭᠠᠭᠤᠷᠢᠯᠠᠯ ᠬᠠᠩᠭᠠᠪᠠ᠃ ᠰᠢ ᠶᠢᠨ ᠫᠢᠩ ᠨᠥᠬᠦᠷ ᠲᠤᠮᠤ ᠲᠡᠦᠬᠡ ᠶᠢᠨ ᠦᠵᠡᠯᠲᠡ ᠪᠠᠷ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠳᠤ ᠬᠠᠨᠳᠤᠬᠤ ᠶᠢ ᠪᠠᠷᠢᠮᠳᠠᠯᠠᠬᠤ ᠶᠢᠨ ᠬᠠᠮᠲᠤ ᠠᠯᠢ ᠤᠯᠠᠨ ᠴᠢᠬᠤᠯᠠ ᠥᠭᠦᠯᠡᠯᠲᠡ ᠨᠡᠶᠢᠲᠡᠯᠡᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠵᠢᠷᠤᠮᠯᠠᠯ ᠬᠠᠩᠭᠠᠵᠠᠢ᠃ ᠰᠢ ᠶᠢᠨ ᠫᠢᠩ ᠨᠥᠬᠦᠷ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠪᠦᠬᠦ ᠨᠠᠮ ᠢᠶᠠᠷ ᠢᠶᠠᠨ ᠰᠢᠨ᠎ᠡ ᠬᠥᠭᠵᠢᠯᠲᠡ ᠶᠢᠨ ᠱᠠᠲᠤᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠬᠤ ᠶᠢ ᠠᠬᠢᠭᠤᠯᠬᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠭᠡᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ