ᠤᠷᠠᠳ ᠤᠨ ᠡᠮᠦᠨᠡᠲᠦ ᠬᠤᠰᠢᠭᠤ 621 ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ  ᠦᠭᠡᠷᠡᠴᠢᠯᠡᠪᠡ
ᠨᠡᠶᠢᠲᠡᠯᠡᠭᠰᠡᠨ ᠴᠠᠭ᠄
2022/6/9
      ᠡᠨᠡ ᠵᠢᠯ᠂ ᠤᠷᠠᠳ ᠤᠨ ᠡᠮᠦᠨᠡᠲᠦ ᠬᠤᠰᠢᠭᠤ 621.65 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ  ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ  ᠰᠢᠢᠳᠪᠦᠷᠢᠯᠡᠪᠡ᠃      ᠶᠡᠭᠡ ᠰᠢᠭᠡᠲᠡᠢ ᠪᠠᠯᠭᠠᠰᠤᠨ ᠤ ᠤᠯᠠᠭᠠᠨ ᠲᠣᠰᠬᠤᠨ ᠤ ᠤᠯᠠᠭᠠᠨ ᠳᠤᠭᠤᠶᠢᠯᠠᠩ ᠤᠨ ᠬᠥᠮᠥᠨ ᠮᠠᠯ ᠤᠨ  ᠤᠤᠭᠤᠬᠤ ᠤᠰᠤᠨ ᠤ ᠡᠬᠢ ᠰᠤᠷᠪᠤᠯᠵᠢ ᠪᠣᠯᠣᠨ ᠤᠰᠤᠯᠠᠯᠲᠠ ᠶᠢᠨ ᠲᠠᠷᠢᠶᠠᠨ ᠭᠠᠵᠠᠷ ᠤᠨ ᠤᠰᠤ ᠨᠢ ᠠᠳᠠᠯᠢ ᠨᠢᠭᠡᠨ ᠤᠰᠤᠨ ᠰᠤᠷᠪᠤᠯᠵᠢ ᠶᠢᠨ ᠬᠤᠳᠳᠤᠭ ᠠᠴᠠ ᠢᠷᠡᠯᠲᠡᠢ᠃ ᠣᠶᠢᠷ᠎ᠠ ᠶᠢᠨ ᠵᠢᠯ ᠠᠴᠠ ᠨᠠᠭᠠᠰᠢ᠂ ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠭᠰᠠᠨ ᠤ ᠳᠡᠭᠡᠷ᠎ᠡ ᠣᠲᠣ ᠶᠢᠨ ᠪᠠᠶᠢᠭ᠎ᠠ ᠳᠠᠮᠵᠢᠭᠤᠯᠬᠤ ᠬᠤᠭᠤᠯᠠᠢ ᠬᠠᠭᠤᠴᠢᠷᠠᠵᠤ᠂ ᠬᠦᠨᠳᠦ ᠨᠣᠴᠢᠲᠠᠢ ᠡᠪᠳᠡᠷᠡᠵᠦ ᠰᠦᠢᠳᠦᠭᠰᠡᠨ ᠠᠴᠠ  ᠪᠣᠯᠤᠭᠠᠳ ᠪᠥᠬᠦ ᠲᠣᠰᠬᠤᠨ ᠤ ᠬᠡᠪ ᠤᠨ ᠤᠰᠤ ᠬᠡᠷᠡᠭᠯᠡᠬᠦ ᠶᠢ ᠬᠠᠩᠭᠠᠵᠤ ᠳᠡᠶᠢᠯᠬᠦ ᠦᠭᠡᠢ ᠪᠣᠯᠵᠤ᠂ ᠪᠥᠬᠦ ᠳᠤᠭᠤᠶᠢᠯᠠᠩ ᠤᠨ ᠠᠷᠠᠳ ᠤᠳ ᠤᠤᠭᠤᠬᠤ ᠤᠰᠤᠨ ᠤ ᠬᠦᠴᠢᠷᠳᠡᠯ ᠲᠠᠢ ᠪᠣᠯᠭᠠᠭᠰᠠᠨ ᠪᠠᠶᠢᠨ᠎ᠠ᠃ ᠡᠨᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠷᠠᠳ ᠤᠨ ᠡᠮᠦᠨᠡᠲᠦ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ 81 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠯᠠᠭᠠᠨ ᠳᠤᠭᠤᠶᠢᠯᠠᠩ ᠳᠤ ᠤᠰᠤ ᠬᠠᠩᠭᠠᠬᠤ ᠢᠨᠵᠧᠨᠧᠷᠢᠩ ᠤᠨ ᠥᠭᠡᠷᠡᠴᠢᠯᠡᠯᠲᠡ ᠬᠢᠵᠦ᠂ ᠤᠯᠠᠭᠠᠨ ᠳᠤᠭᠤᠶᠢᠯᠠᠩ ᠤᠨ 127 ᠡᠷᠦᠬᠡ ᠶᠢᠨ ᠬᠥᠮᠥᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠵᠡᠢ᠃     ᠡᠨᠡ ᠵᠢᠯ᠂ ᠤᠷᠠᠳ ᠤᠨ ᠡᠮᠦᠨᠡᠲᠦ ᠬᠤᠰᠢᠭᠤ 621.65 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠶᠡᠭᠡ ᠰᠢᠭᠡᠲᠡᠢ ᠪᠠᠯᠭᠠᠰᠤ᠂  ᠪᠠᠷᠠᠭᠤᠨ ᠪᠠᠭ᠎ᠠ ᠵᠣᠣ ᠪᠠᠯᠭᠠᠰᠤ᠂ ᠰᠢᠶᠠᠨ ᠹᠧᠩ ᠪᠠᠯᠭᠠᠰᠤ ᠵᠡᠷᠭᠡ 15 ᠲᠣᠰᠬᠤᠨ ᠤ 32 ᠳᠤᠭᠤᠶᠢᠯᠠᠩ ᠳᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠥᠷᠨᠢᠭᠦᠯᠵᠦ᠂ ᠭᠤᠣᠯ ᠪᠦᠲᠦᠭᠡᠨ ᠪᠠᠶᠢᠭᠤᠯᠤᠯᠲᠠ ᠳᠤ ᠬᠤᠭᠤᠯᠠᠢ ᠶᠢᠨ ᠰᠢᠷᠣᠢ ᠮᠠᠯᠲᠠᠬᠤ᠂ ᠮᠠᠰᠢᠨ ᠴᠠᠬᠢᠯᠭᠠᠨ ᠤ ᠬᠤᠭᠤᠯᠠᠢ ᠶᠢᠨ ᠬᠤᠳᠳᠤᠭ ᠢ ᠳᠠᠬᠢᠨ ᠪᠠᠶᠢᠭᠤᠯᠬᠤ᠂ ᠳᠥᠷᠪᠡᠯᠵᠢᠨ ᠬᠡᠯᠪᠡᠷᠢ ᠲᠠᠢ ᠤᠰᠤ ᠬᠠᠳᠠᠭᠠᠯᠠᠬᠤ ᠴᠥᠭᠦᠷᠥᠮ ᠬᠢᠬᠦ ᠵᠡᠷᠭᠡ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ 2255 ᠡᠷᠦᠬᠡ᠂ 6137 ᠬᠥᠮᠥᠨ ᠳᠤ ᠠᠰᠢᠭ ᠬᠦᠷᠲᠡᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ