ᠤᠷᠠᠳ ᠤᠨ ᠡᠮᠦᠨᠡᠲᠦ ᠬᠤᠰᠢᠭᠤ 2022 ᠣᠨ ᠤ ᠲᠦᠷᠪᠡᠳᠦᠭᠡᠷ ᠣᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/6/9
      6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ 2022 ᠣᠨ ᠤ ᠲᠦᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠪᠠ᠃

4次常务会1.jpg

      ᠸᠠᠩ ᠵᠢᠶᠦ᠋ᠨ ᠵᠢᠶᠧ ᠵᠡᠷᠭᠡ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠶᠤᠸᠠᠢ ᠮᠢᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠳᠡᠳ᠋ ᠡᠷᠬᠢᠯᠡᠭᠴᠢ ᠵᠢᠶᠠᠨ ᠶᠦᠩ ᠴᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠬᠠᠶ ᠴᠢᠩ᠂ ᠬᠤᠰᠢᠭᠤ ᠠᠷᠠᠳ ᠤᠨ

ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠮᠠᠨᠳᠤᠯ᠎ᠠ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ

ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠠᠷᠠᠳ ᠤᠨ

ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠵᠠᠶ᠃

4次常务会2.jpg

      ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ

ᠲᠥᠯᠥᠪᠵᠢᠭᠦᠯᠭᠡ︾ ᠶᠢ ᠤᠯᠠᠮᠵᠢᠯᠠᠨ ᠰᠤᠷᠤᠯᠴᠠᠪᠠ︔ 5 ᠰᠠᠷ᠎ᠠ ᠶᠢᠨ 5 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ

ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠂ ᠨᠠᠮ ᠤᠨ

ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ

ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ︾ ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ

ᠴᠢᠶᠠᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠠᠶᠤᠯᠭᠦᠶ

ᠦᠢᠯᠡᠳᠪᠦᠷᠢᠯᠡᠯ ᠤᠨ ᠲᠧᠯᠸᠢᠰ ᠣᠲᠠᠰᠣᠲᠣ ᠬᠤᠷᠠᠯ ᠤᠨ ᠵᠣᠷᠢᠭ ᠰᠠᠨᠠᠭ᠎ᠠ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠡᠯᠡᠯ ᠤᠨ ᠠᠵᠢᠯ ᠪᠠ ᠬᠤᠲᠠ

ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠥᠪᠯᠡᠷᠡᠭᠦᠯᠦᠨ ᠵᠠᠰᠠᠬᠤ ᠠᠵᠢᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ

ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃

      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂

ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠳᠡᠭᠡᠳᠦ ᠱᠠᠲᠤᠨ ᠤ ᠠᠮᠢ ᠠᠬᠤᠶ

ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠡᠯ᠎ᠡ ᠵᠦᠢᠯ ᠤᠨ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ

ᠨᠠᠶᠢᠳᠠᠪᠤᠷᠢᠵᠢᠭᠤᠯᠵᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ

ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠣᠪᠤᠶᠢᠮ᠎ᠠ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ

ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠵᠤ ᠠᠬᠤᠶ ᠶᠢᠨ ᠦᠷ᠎ᠡ ᠠᠰᠢᠭ᠂ ᠣᠷᠴᠢᠨ ᠲᠣᠭᠤᠷᠢᠨ ᠤ

ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠵᠣᠬᠢᠴᠠᠭᠤᠯᠤᠨ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ

ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ  ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠣᠳᠣᠬᠠᠨ ᠤ

ᠭᠤᠤᠯᠳᠠᠯᠭ᠎ᠠ ᠲᠠᠢ ᠭᠠᠵᠠᠷ ᠣᠷᠣᠨ ᠤ ᠬᠤᠰᠢᠭᠤᠨ ᠳᠤ ᠪᠠᠨ ᠪᠤᠴᠠᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ

ᠨᠠᠷᠢᠯᠢᠭ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯᠯᠠᠭᠠᠨ ᠢ ᠲᠣᠭᠲᠠᠪᠤᠷᠢᠵᠢᠭᠤᠯᠬᠤ᠂

ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠲᠥᠷᠥᠯ ᠵᠦᠢᠯ ᠢ ᠠᠳᠬᠤᠬᠤ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠠᠵᠢᠯ ᠢ ᠵᠡᠷᠭᠡ ᠪᠠᠷ

ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠵᠡᠷᠭᠡ ᠪᠠᠷ ᠠᠬᠢᠭᠤᠯᠬᠤ ᠶᠢ ᠴᠢᠷᠮᠠᠶᠢᠨ ᠪᠡᠶᠡᠯᠡᠭᠦᠯᠬᠦ

ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠢ ᠰᠤᠷᠤᠯᠴᠠᠨ ᠬᠡᠷᠡᠭᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ

ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂

ᠬᠠᠤᠯᠢ ᠲᠣᠭᠲᠠᠭᠠᠯ ᠶᠣᠰᠣᠭᠠᠷ ᠨᠡᠶᠢᠭᠡᠮ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃ ᠬᠠᠤᠯᠢ ᠶᠣᠰᠣᠭᠠᠷ ᠲᠤᠭ᠎ᠠ ᠪᠦᠷᠢᠳᠬᠡᠯ ᠬᠢᠵᠦ ᠬᠠᠤᠯᠢ ᠶᠣᠰᠣᠭᠠᠷ

ᠲᠤᠭ᠎ᠠ ᠪᠦᠷᠢᠳᠬᠡᠯ ᠢᠶᠠᠨ ᠵᠠᠰᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠢ ᠲᠠᠰᠤᠷᠠᠯᠲᠠ

ᠥᠬᠡᠶ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠲᠤᠭ᠎ᠠ

ᠪᠦᠷᠢᠳᠬᠡᠯ ᠤᠨ ᠦᠢᠯᠡᠴᠢᠯᠡᠬᠡᠨ ᠤ ᠬᠠᠨᠳᠤᠯᠭᠠᠲᠤ ᠴᠢᠨᠠᠷ᠂ ᠬᠤᠭᠤᠴᠠᠭᠠᠲᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠣ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ

ᠬᠡᠷᠡᠭᠲᠡᠶ ᠬᠡᠪᠡ᠃

      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ

ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠳᠠᠪᠤᠷᠢ ᠪᠣᠯᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ

ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠪᠣᠯᠤᠨ ᠡᠯ᠎ᠡ ᠵᠦᠢᠯ ᠤᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ

ᠬᠡᠷᠡᠭᠲᠡᠢ ᠭᠡᠵᠦ ᠴᠢᠬᠤᠯᠠᠴᠢᠯᠠᠪᠠ᠃ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ

ᠬᠦ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠨᠢᠮᠪᠠᠶ ᠰᠠᠶᠢᠲᠤᠷ ᠠᠳᠬᠤᠵᠤ᠂ ᠲᠦᠷᠢᠮ ᠲᠣᠭᠲᠠᠭᠠᠯ ᠠᠴᠠ ᠵᠥᠷᠢᠴᠡᠵᠦ

ᠬᠠᠤᠯᠢ ᠠᠴᠠ ᠵᠥᠷᠢᠴᠡᠨ ᠡᠵᠡᠩᠨᠡᠬᠦ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ︽ᠳᠥᠷᠪᠡᠨ ᠬᠠᠮᠤᠭ ᠤᠨ ᠴᠢᠩᠭ᠎ᠠ ᠪᠠᠶᠢᠬᠤ︾ ᠪᠠᠷ ᠠᠷᠠᠳ ᠣᠯᠠᠨ ᠤ ︽

ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠬᠤ ᠬᠡᠷᠡᠭᠲᠡᠶ ᠬᠡᠰᠡᠨ ᠪᠠᠶᠢᠨ᠎ᠠ᠃

ᠬᠤᠷᠠᠯ ᠠᠴᠠ ᠪᠠᠰᠠ ᠪᠤᠰᠤᠳ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ