ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠠᠨᠬᠤᠸᠠ ᠶᠢᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/6/9
      ᠭᠤᠤᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠢᠷᠭᠡᠳ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠠᠰᠢᠭ ᠲᠤᠰᠠ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠬᠢᠯᠢ ᠳᠣᠲᠣᠷᠠᠬᠢ ᠪᠠᠶᠠᠨᠬᠤᠸᠠ ᠶᠢᠨ ᠭᠤᠤ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄     1. ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠠᠰᠢᠯᠭ᠎ᠠ ᠳᠠᠯᠠᠩ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ︔ ᠭᠤᠤᠯ ᠬᠠᠰᠢᠬᠤ ᠵᠢᠭᠠᠰᠤ ᠠᠩᠨᠠᠬᠤ ᠪᠠᠭᠠᠵᠢ ᠲᠣᠬᠢᠷᠠᠭᠤᠯᠬᠤ᠂ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ ᠴᠠᠭᠠᠵᠠᠯᠠᠨ᠎ᠠ︔ ᠭᠤᠣᠯᠳᠠᠯᠭ᠎ᠠ ᠲᠠᠢ ᠣᠷᠣᠨ ᠤ ᠳᠣᠲᠣᠷ᠎ᠠ ᠥᠨᠳᠥᠷ ᠡᠰᠢᠲᠦ ᠲᠠᠷᠢᠮᠠᠯ᠂ ᠬᠤᠯᠤᠰᠤ᠂ ᠴᠢᠴᠢᠭᠡᠰᠦ᠂ ᠬᠠᠶᠢᠯᠠᠰᠤ ᠪᠣᠯᠤᠨ ᠮᠣᠳᠣ ︵ᠬᠠᠰᠢᠯᠭ᠎ᠠ ᠬᠠᠮᠠᠭᠠᠯᠠᠬᠤ ᠣᠶ ᠪᠠᠭᠲᠠᠬᠤ ᠦᠭᠡᠶ︶ ᠲᠠᠷᠢᠬᠤ ᠶᠢ ᠴᠠᠭᠠᠵᠠᠯᠠᠨ᠎ᠠ᠃     2 . ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠤᠰᠤ ᠶᠢ ᠪᠣᠬᠢᠷᠲᠤᠭᠤᠯᠬᠤ ᠪᠣᠳᠠᠰ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠂ ᠭᠤᠤᠯ ᠤᠨ ᠵᠠᠮ ᠳᠤ ᠲᠣᠰᠣᠨ ᠤ ᠵᠦᠢᠯ ᠪᠤᠶᠤ ᠬᠤᠤᠷᠲᠤ ᠪᠣᠬᠢᠷᠲᠤᠯ ᠪᠣᠳᠠᠰ ᠢ ᠬᠠᠳᠠᠭᠠᠯᠠᠵᠤ ᠥᠩᠭᠡᠷᠡᠭᠰᠡᠨ ᠲᠡᠷᠭᠡ ᠬᠥᠰᠬᠡ ᠂ ᠰᠠᠪᠠ ᠬᠡᠷᠡᠭᠰᠡᠯ ᠤᠬᠢᠶᠠᠬᠤ ᠶᠢ ᠴᠠᠭᠠᠵᠠᠯᠠᠨ᠎ᠠ᠃     3. ᠳᠠᠯᠠᠩ ᠬᠠᠰᠢᠯᠭ᠎ᠠ ᠪᠠ ᠳᠠᠯᠠᠩ ᠬᠠᠮᠠᠭᠠᠯᠠᠬᠤ ᠭᠠᠵᠠᠷ ᠲᠤ ᠬᠡᠷ ᠪᠠᠶᠢᠰᠢᠩ ᠪᠠᠷᠢᠬᠤ᠂ ᠮᠠᠯ ᠮᠠᠯᠵᠢᠬᠤ᠂ ᠰᠤᠪᠠᠭ ᠲᠠᠲᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢᠯᠠᠬᠤ᠂ ᠠᠮᠤ ᠪᠤᠳᠠᠭ᠎ᠠ ᠬᠠᠳᠠᠭᠠᠬᠤ᠂ ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠤᠤᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠵᠢᠴᠢ ᠴᠤᠭᠯᠠᠭ᠎ᠠ ᠮᠠᠶᠢᠮᠠᠶ ᠶᠢᠨ ᠠᠷᠠᠯᠵᠢᠶ᠎ᠠ ᠬᠢᠬᠦ ᠶᠢ ᠴᠠᠭᠠᠵᠠᠯᠠᠨ᠎ᠠ︔ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠪᠠᠶᠢᠭᠤᠯᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃     4. ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠵᠥᠪᠰᠢᠶᠡᠷᠡᠭᠦᠯᠦᠭᠡᠳᠦᠶ ᠪᠠᠷ ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠲᠤᠩᠭᠠᠬᠤ᠂ ᠬᠠᠶᠢᠷ ᠴᠢᠯᠠᠭᠤ ᠪᠤᠶᠤ ᠰᠢᠪᠠᠷ ᠬᠠᠶᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠭᠦᠯᠦᠭᠰᠡᠨ ᠦᠭᠡᠶ ᠪᠠᠷ ᠭᠤᠣᠯ ᠤᠨ ᠵᠠᠮ ᠤᠨ ᠳᠠᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠵᠢᠴᠢ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠦᠭᠡᠶ ᠪᠠᠷ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃     ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠪᠡᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠢᠴᠢ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠤᠬᠠᠶᠢᠲᠠᠶ ᠬᠥᠮᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ᠳᠠᠭᠠᠯᠳᠤᠭᠤᠯᠤᠯ᠄ 1. ᠪᠠᠶᠠᠨᠬᠤᠸᠠ ᠶᠢᠨ ᠭᠤᠤ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠢᠯᠭᠠᠨ ᠲᠣᠭᠲᠠᠭᠠᠭᠰᠠᠨ ᠦᠷ᠎ᠡ ᠪᠦᠲᠦᠭᠡᠯ ᠤᠨ ᠬᠦᠰᠦᠨᠦᠭᠲᠦ  2. ᠪᠠᠶᠠᠨᠬᠤᠸᠠ ᠶᠢᠨ ᠭᠤᠣ ᠭᠤᠤᠯ ᠤᠨ ᠵᠠᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠤ ᠮᠤᠷᠦ᠋ᠢᠯᠲᠠ ᠶᠢᠨ ᠴᠡᠭ ᠤᠨ ᠪᠠᠶᠢᠷᠢᠰᠢᠯ ᠤᠨ ᠬᠦᠰᠦᠨᠦᠭᠲᠦ                                               ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                             2022 ᠣᠨ ᠤ 5 ᠰᠠᠷ᠎ᠠ ᠶᠢᠨ 31 ᠤ ᠡᠳᠦᠷ

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ