ᠣᠷᠠᠳ ᠤᠨ ᠭᠤᠷᠪᠠᠨ ᠬᠤᠰᠢᠭᠤ ᠶᠢᠨ ᠣᠯᠣᠰ ᠪᠠᠶᠢᠭᠤᠯᠤᠭᠳᠠᠭᠰᠠᠨ ᠤ ᠳᠠᠷᠠᠭᠠᠬᠢ ᠣᠯᠠᠷᠢᠨ ᠬᠤᠪᠢᠷᠠᠭᠰᠠᠨ ᠲᠡᠣᠬᠡ
ᠨᠡᠶᠢᠲᠡᠯᠡᠭᠰᠡᠨ ᠴᠠᠭ᠄
2022/6/9
                  ᠣᠷᠠᠳ ᠤᠨ ᠡᠮᠦᠨᠡᠲᠤ ᠬᠤᠰᠢᠭᠤᠨ ᠤ ᠪᠠᠶᠢᠳᠠᠯ              1950 ᠣᠨ ᠤ 4 ᠰᠠᠷ᠎ᠠ ᠶᠢᠨ 1 ᠳᠤ᠂ ᠣᠷᠠᠳ ᠤᠨ ᠡᠮᠦᠨᠡᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠬᠠᠯᠠᠭᠠᠢ ᠳᠤ ᠪᠠᠶᠢᠭᠤᠯᠵᠠᠢ᠃       1956 ᠣᠨ ᠳᠤ ᠮᠠᠯᠵᠢᠬᠤ ᠣᠷᠣᠨ ᠤ ᠨᠣᠲᠤᠭ ᠤᠨ ᠪᠠᠶᠢᠭᠤᠯᠤᠮᠵᠢ ᠶᠢ ᠰᠣᠮᠣ ᠪᠣᠯᠭᠠᠨ ᠦᠭᠡᠷᠡᠴᠢᠯᠡᠬᠦ ᠦᠶ᠎ᠡ ᠳᠤ ᠴᠡᠭᠡᠯᠢ ᠨᠣᠲᠤᠭ ᠢ ᠣᠷᠠᠳ ᠤᠨ ᠲᠣᠮᠳᠠᠲᠣ ᠬᠤᠶᠢᠲᠣ ᠬᠤᠯᠪᠣᠭᠠᠲᠣ ᠬᠤᠰᠢᠭᠤᠨ ᠳᠤ ᠬᠤᠪᠢᠶᠠᠨ ᠣᠷᠣᠭᠤᠯᠣᠭᠰᠠᠨ ᠶᠣᠮ᠃       1958 ᠣᠨ ᠤ 4 ᠰᠠᠷ᠎ᠠ ᠳᠤ ᠠᠨ ᠪᠸᠢ ᠰᠢᠶᠠᠨ ᠢ ᠬᠠᠰᠣᠵᠣ ᠣᠷᠠᠳ ᠤᠨ ᠡᠮᠦᠨᠡᠲᠤ ᠬᠤᠰᠢᠭᠤᠨ ᠳᠤ ᠨᠡᠶᠢᠯᠡᠬᠦᠯᠪᠡ᠃ ᠬᠤᠰᠢᠭᠤ ᠵᠠᠰᠠᠭ ᠤᠨ ᠣᠷᠳᠣᠨ  ᠢᠶᠠᠨ ᠰᠢᠨ ᠠᠨ ᠪᠠᠯᠭᠠᠰᠣ ᠳᠤ ᠨᠡᠭᠦᠯᠭᠡᠪᠡ᠃       1959 ᠣᠨ ᠤ 9 ᠰᠠᠷ᠎ᠠ ᠳᠤ ᠬᠤᠰᠢᠭᠤ ᠵᠠᠰᠠᠭ ᠤᠨ ᠣᠷᠳᠣᠨ ᠢᠶᠠᠨ ᠮᠣᠯᠴᠤᠭ ᠬᠤᠱᠣᠣ ︵ᠬᠢᠲᠠᠳ ᠢᠶᠠᠷ ᠰᠢ ᠱᠠᠨ ᠽᠦᠢ᠂ ᠣᠳᠣ ᠶᠢᠨ ᠣᠯᠠᠱᠠᠨ ᠪᠠᠯᠭᠠᠰᠣ︶ ᠳᠤ ᠨᠡᠭᠦᠯᠭᠡᠪᠡ᠃      1960 ᠣᠨ ᠤ 3 ᠰᠠᠷ᠎ᠠ ᠳᠤ ᠪᠠᠶᠠᠨᠨᠠᠭᠤᠷ ᠠᠶᠢᠮᠠᠭ ᠠᠴᠠ ᠰᠠᠯᠭᠠᠨ ᠪᠣᠭᠤᠳᠣ ᠬᠤᠲᠠ ᠶᠢᠨ ᠪᠠᠷᠠᠭᠤᠨ ᠲᠡᠬᠦᠷᠭᠡ ᠳᠤ ᠬᠤᠪᠢᠶᠠᠨ ᠣᠷᠣᠭᠤᠯᠵᠠᠢ᠃      1963 ᠣᠨ ᠤ 11 ᠰᠠᠷ᠎ᠠ ᠳᠤ ᠲᠡᠬᠢᠨ ᠪᠣᠭᠤᠲᠣ ᠬᠤᠲᠠ ᠠᠴᠠ ᠪᠠᠶᠠᠨᠨᠠᠭᠤᠷ ᠠᠶᠢᠮᠠᠭ ᠲᠤ ᠬᠤᠪᠢᠶᠠᠨ ᠣᠷᠣᠭᠤᠯᠬᠤ ᠳᠠᠭᠠᠨ ᠵᠡᠬᠦᠨ ᠵᠠᠬ᠎ᠠ ᠶᠢᠨ ᠬᠤᠶᠠᠷ ᠬᠤᠳᠳᠤᠭ ᠰᠣᠮᠣ ᠪᠤᠯᠤᠨ ᠬᠤᠰᠢᠭᠤ ᠬᠡᠶᠢᠳ ᠮᠡᠷᠭᠡᠨ ᠰᠦᠮ᠎ᠡ ᠶᠢ ᠴᠣ᠋ ᠪᠣᠭᠤᠲᠣ ᠬᠤᠲᠠ ᠶᠢᠨ ᠪᠠᠷᠠᠭᠤᠨ ᠲᠡᠭᠦᠷᠭᠡ ᠶᠢᠨ ᠬᠠᠷᠢᠶᠠᠨ ᠳᠤ ᠦᠯᠡᠳᠡᠭᠡᠵᠦ ᠦᠭᠭᠦᠭᠰᠡᠨ ᠶᠣᠮ᠃ 
ᠢᠷᠡᠯᠲᠡ᠄ ᠤᠷᠠᠳ ᠠᠷᠠᠳ ᠤᠨ ᠵᠠᠩ ᠦᠢᠯᠡ ︵ᠳᠡᠭᠡᠲᠦ︶