ᠮᠠ ᠪᠥᠸᠧ ᠽᠢ ᠲᠣᠰᠬᠤᠨ᠄ ᠨᠠᠮ ᠤᠨ ᠡᠭᠦᠷ  ᠠᠴᠠ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2022/7/14
    ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠮᠠ ᠪᠦᠸᠧ ᠽᠢ ᠲᠣᠰᠬᠤᠨ ᠤ ᠯᠠᠵᠤᠤ ᠲᠠᠷᠢᠬᠤ ᠰᠠᠭᠤᠷᠢᠨ ᠭᠠᠵᠠᠷ ᠲᠤ ᠬᠦᠷᠬᠦ ᠳᠤ ᠯᠠᠵᠤᠤ ᠶᠢᠨ ᠤᠷᠭᠤᠴᠠ ᠰᠠᠶᠢᠨ ᠪᠠᠶᠢᠵᠤ᠂  ᠬᠦᠮᠦᠰ  ᠤᠨ ᠰᠡᠳᠭᠢᠯ ᠢ ᠪᠠᠶᠠᠰᠬᠠᠨ᠎ᠠ᠃ ᠣᠳᠣᠬᠠᠨ ᠳᠤ ᠶᠠᠭ ᠰᠠᠶᠢᠬᠠᠨ ᠯᠠᠵᠤᠤ ᠶᠢᠨ ᠴᠡᠴᠡᠭ ᠳᠡᠯᠭᠡᠷᠡᠬᠦ ᠬᠤᠭᠤᠴᠠᠭ᠎ᠠ ᠮᠦᠷᠲᠡᠭᠡᠨ ᠦᠰᠦᠨ ᠪᠣᠶᠢᠵᠢᠬᠤ ᠵᠠᠩᠭᠢᠯᠠᠭ᠎ᠠ ᠶᠢᠨ ᠬᠤᠭᠤᠴᠠᠭ᠎ᠠ ᠳᠤ ᠪᠠᠶᠢᠭ᠎ᠠ᠂ ᠬᠤᠷᠰᠢᠶᠠᠨ ᠤ ᠬᠠᠮᠢᠶᠠᠷᠤᠯᠲᠠ ᠶᠢᠨ ᠠᠵᠢᠯᠲᠠᠨ ᠡᠳᠦᠷ ᠪᠦᠷᠢ ᠲᠠᠷᠢᠶᠠᠨ ᠭᠠᠵᠠᠷ ᠢ ᠪᠠᠶᠢᠴᠠᠭᠠᠨ ᠦᠵᠡᠵᠦ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠯᠠᠵᠤᠤ ᠶᠢᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ  ᠪᠠᠲᠤᠯᠠᠨ᠎ᠠ᠃

辣椒1.jpg

 ︽ᠣᠳᠣᠬᠠᠨ ᠤ ᠤᠷᠭᠤᠴᠠ  ᠶᠢᠨ ᠪᠠᠶᠢᠳᠠᠯ  ᠠᠴᠠ ᠦᠵᠡᠪᠡᠯ᠂ ᠯᠠᠵᠤᠤ  ᠶᠢᠨ ᠶᠡᠭᠡ ᠪᠠᠭ᠎ᠠ᠂ ᠬᠠᠲᠠᠭᠤᠴᠠ  ᠶᠢᠨ ᠬᠡᠮᠵᠢᠶ᠎ᠡ ᠨᠢ ᠴᠥᠮ ᠨᠢᠳᠤᠨᠤᠨ ᠤ

 ᠬᠢ ᠠᠴᠠ ᠰᠠᠶᠢᠨ᠂ ᠨᠢᠳᠤᠨᠤᠨ ᠤ ᠬᠢ ᠠᠴᠠ ᠪᠠᠭ᠎ᠠ ᠦᠭᠡᠢ ᠥᠨᠳᠥᠷ ᠪᠠᠶᠢᠨ᠎ᠠ᠂ ᠪᠣᠷᠤᠯᠠᠭᠤᠯᠭ᠎ᠠ  ᠶᠢᠨ ᠲᠠᠯ᠎ᠠ ᠪᠠᠷ᠂ ᠣᠳᠣᠬᠠᠨ ᠳᠤ ︿ᠱᠧ ᠲᠠᠢ ᠬᠤᠩ﹀ ᠭᠡᠬᠦ

ᠨᠡᠷᠡᠲᠦ ᠲᠡᠮᠳᠡᠭ ᠨᠢ ᠪᠦᠬᠦ ᠤᠯᠤᠰ ᠤᠨ ᠬᠡᠪᠴᠢᠶᠡᠨ ᠳᠤ ᠴᠥᠮ ᠨᠡᠯᠢᠶᠡᠳ ᠨᠡᠷ᠎ᠡ ᠭᠠᠷᠤᠭᠰᠠᠨ ᠪᠣᠯᠬᠤᠷ ᠵᠢᠯ ᠪᠦᠷᠢ ᠬᠤᠳᠠᠯᠳᠤᠭᠠᠴᠢᠨ ᠢᠷᠡᠵᠦ ᠬᠤᠳᠠᠯᠳᠤᠨ ᠠᠪᠲᠠᠭ

᠂ ᠡᠶᠢᠮᠦ ᠠᠴᠠ ᠪᠣᠷᠤᠯᠠᠭᠤᠯᠭ᠎ᠠ ᠳᠤ ᠠᠰᠠᠭᠤᠳᠠᠯ ᠦᠭᠡᠢ ᠶᠤᠮ︾  ᠭᠡᠵᠦ ᠶᠦᠨ ᠱᠦᠨ ᠹᠥ᠋ᠩ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠬᠠᠷᠢᠭᠤᠴᠠᠯᠭᠠᠲᠠᠨ ᠵᠠᠩ

ᠬᠤᠢ ᠰᠤᠷᠪᠤᠯᠵᠢᠯᠠᠭᠴᠢ ᠳᠤ ᠬᠡᠯᠡᠪᠡ᠃

辣椒2.jpg

     ᠡᠨᠡ ᠵᠢᠯ᠂  ᠮᠠ ᠪᠦᠸᠧ ᠽᠢ ᠲᠣᠰᠬᠤᠨ ᠤ ᠬᠢᠨ ᠶᠡᠭᠡ ᠰᠢᠭᠡᠲᠡᠢ ᠪᠠᠯᠭᠠᠰᠤᠨ ᠤ ᠰᠠᠨ ᠹᠧᠨ ᠽᠢ ᠲᠣᠰᠬᠤᠨ ᠤ ᠯᠠᠵᠤᠤ ᠳᠠᠷᠢᠭᠰᠠᠨ ᠠᠮᠵᠢᠯᠲᠠ ᠲᠠᠢ

ᠲᠤᠷᠰᠢᠯᠭ᠎ᠠ ᠪᠠᠷ ᠲᠣᠯᠢ ᠪᠣᠯᠭᠠᠵᠤ᠂ ︽ᠨᠠᠮ ᠤᠨ ᠡᠭᠦᠷ + ᠬᠤᠷᠰᠢᠶ᠎ᠠ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠠᠰᠢᠭ ᠲᠤᠰᠠ ᠶᠢᠨ

ᠬᠤᠯᠪᠣᠭ᠎ᠠ ᠶᠢᠨ ᠵᠠᠭᠪᠤᠷ ᠢ ᠬᠡᠷᠡᠭᠯᠡᠵᠦ᠂ ᠲᠣᠰᠬᠤᠨ ᠤ ᠬᠠᠮᠲᠤ ᠨᠡᠶᠢᠲᠡ ᠠᠴᠠ 20 ᠲᠦᠮᠡᠨ ᠲᠥᠭᠦᠷᠢᠭ ᠭᠠᠷᠭᠠᠨ ᠬᠤᠪᠢ ᠣᠷᠣᠭᠤᠯᠵᠤ᠂ 28 ᠲᠠᠷᠢᠶᠠᠴᠢᠨ ᠡᠷᠦᠬᠡ

ᠮᠦ ᠪᠦᠷᠢ ᠶᠢᠨ ᠭᠠᠵᠠᠷ ᠰᠢᠷᠣᠢ ᠶᠢᠨ ᠲᠦᠷᠢᠶᠡᠰᠦᠨ ᠮᠥᠩᠭᠦ ᠶᠢ ᠪᠡᠯᠡᠨ ᠵᠣᠭᠤᠰ ᠢᠶᠠᠷ ᠨᠤᠭᠤᠯᠤᠨ ᠪᠤᠳᠤᠪᠠᠯ 1500 ᠲᠥᠭᠦᠷᠢᠭ ᠢᠶᠠᠷ ᠬᠤᠪᠢ ᠣᠷᠣᠭᠤᠯᠵᠤ᠂

ᠨᠠᠮ ᠤᠨ ᠡᠭᠦᠷ ᠤᠨ ᠳᠡᠳ᠋ ᠱᠦᠵᠢ᠂ ᠲᠣᠰᠬᠤᠨ ᠤ ᠨᠠᠮ ᠤᠨ ᠬᠤᠷᠢᠶᠠᠨ ᠤ ᠭᠡᠰᠢᠭᠦᠨ᠂ ᠨᠠᠮ ᠤᠨ ᠡᠭᠦᠷ ᠤᠨ ᠭᠡᠰᠢᠭᠦᠨ ᠨᠢ ᠨᠠᠮ ᠤᠨ ᠡᠭᠦᠷ ᠤᠨ ᠤᠷᠢᠶᠠᠯᠠᠭ᠎ᠠ ᠪᠠᠷ᠂

ᠪᠡᠯᠡᠨ ᠵᠣᠭᠤᠰ ᠢᠶᠠᠷ ᠪᠡᠯᠡ ᠣᠷᠣᠭᠤᠯᠵᠤ᠂ ︽ᠲᠣᠮᠣ ᠬᠤᠪᠢ ᠣᠷᠣᠭᠤᠯᠤᠭᠰᠠᠨ ᠡᠷᠦᠬᠡ︾ ᠪᠣᠯᠵᠤ᠂ ᠶᠦᠨ ᠱᠦᠨ ᠹᠥ᠋ᠩ ᠬᠤᠷᠰᠢᠶ᠎ᠠ ᠶᠢ ᠳᠠᠭᠠᠭᠤᠯᠤᠨ ᠭᠠᠵᠠᠷ

ᠰᠢᠷᠣᠢ ᠳᠠᠭᠠᠭᠠᠴᠢᠯᠠᠨ ᠯᠠᠵᠤᠤ ᠳᠠᠷᠢᠵᠠᠢ᠃

辣椒3.jpg

   ᠶᠦᠨ ᠱᠦᠨ ᠹᠥ᠋ᠩ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠬᠠᠷᠢᠭᠤᠴᠠᠯᠭᠠᠲᠠᠨ ᠵᠠᠩ ᠬᠤᠢ ᠶᠢᠨ ᠲᠠᠨᠢᠯᠴᠠᠭᠤᠯᠤᠭᠰᠠᠨ ᠢᠶᠠᠷ᠂ ᠨᠠᠮ ᠤᠨ ᠡᠭᠦᠷ ᠤᠨ

ᠳᠠᠭᠠᠭᠤᠯᠤᠨ ᠡᠷᠬᠢᠯᠡᠭᠰᠡᠡ ᠠᠵᠤ ᠦᠢᠯᠡᠰ ᠨᠢ ᠯᠠᠵᠤᠤ᠂ ᠡᠷᠳᠡᠨᠢ ᠰᠢᠰᠢ ᠪᠠ ᠰᠢᠷ᠎ᠠ ᠪᠣᠷᠴᠠᠭ ᠢ ᠠᠯᠠᠭᠯᠠᠨ ᠲᠠᠷᠢᠬᠤ᠂ ᠤᠷᠤᠰ ᠰᠣᠩᠭᠢᠨ᠎ᠠ᠂ ᠲᠠᠷᠪᠤᠰ ᠵᠡᠷᠭᠡ 

ᠪᠠᠶᠢᠵᠤ᠂ ᠨᠡᠶᠢᠳᠡ 2000 ᠮᠦ  ᠬᠦᠷᠴᠦ᠂ ᠣᠳᠣᠬᠠᠨ ᠳᠤ ᠪᠤᠢ ᠪᠦᠬᠦᠢ ᠲᠠᠷᠢᠮᠠᠯ ᠤᠨ ᠤᠷᠭᠤᠴᠠ ᠬᠥᠮᠥᠨ ᠢ ᠪᠠᠶᠠᠰᠬᠠᠵᠤ᠂ ᠡᠯᠪᠡᠭ ᠬᠤᠷᠢᠶᠠᠯᠲᠠ ᠣᠯᠬᠤ

ᠡᠷᠡᠮᠡᠯᠵᠡᠯ ᠲᠠᠢ ᠪᠠᠶᠢᠨ᠎ᠠ ᠭᠡᠪᠡ᠃

    ᠨᠠᠮ ᠤᠨ ᠡᠭᠦᠷ ᠠᠴᠠ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠨᠢ ᠤᠤᠯ ᠤᠨ ᠪᠠᠶᠢᠭᠰᠠᠨ ᠳᠣᠣᠷ᠎ᠠ ᠦᠷ᠎ᠡ ᠠᠰᠢᠭ ᠲᠠᠢ ᠳᠠᠷᠬᠠᠶ ᠳᠠᠷᠢᠬᠤ

ᠵᠠᠭᠪᠤᠷ ᠢ ᠬᠤᠪᠢᠷᠠᠭᠤᠯᠵᠤ᠂ ᠲᠣᠰᠬᠤᠨ ᠤ ᠠᠷᠠᠳ ᠲᠤ ᠠᠵᠤ ᠦᠢᠯᠡᠰ ᠤᠨ ᠠᠪᠴᠢᠷᠠᠭᠰᠠᠨ ᠦᠷ᠎ᠡ ᠠᠰᠢᠭ ᠢ ᠡᠳ᠋ᠯᠡᠭᠦᠯᠬᠦ ᠪᠠᠷ ᠪᠠᠷᠠᠬᠤ ᠦᠭᠡᠢ ᠪᠠᠰᠠ ᠣᠶᠢᠷ᠎ᠠ

ᠬᠠᠪᠢ ᠳᠠᠭᠠᠨ ᠠᠵᠢᠯ ᠬᠢᠵᠦ᠂ ᠣᠷᠣᠯᠭ᠎ᠠ ᠪᠠᠨ  ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃

辣椒4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ