ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠬᠠᠮᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠬᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠶ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠬᠢᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠭᠠᠵᠠᠷ ᠲᠠᠢ ᠬᠤᠯᠪᠣᠭᠠᠯᠠᠭᠰᠠᠨ ᠰᠠᠶᠢᠨ ᠳᠤᠷᠠᠴᠤᠳ ᠠᠶᠢᠯ ᠡᠷᠦᠬᠡ᠂ ᠨᠡᠶᠢᠭᠡᠮ ᠲᠣᠭᠤᠷᠢᠭ᠂ ᠬᠤᠳᠠᠯᠳᠤᠭᠠᠨ ᠤ | ᠡᠷᠦᠬᠡ ᠳᠤ ᠬᠦᠨᠵᠡᠭᠡᠶᠢᠷᠡᠬᠦ ᠮᠠᠶ᠋ᠢᠭ ᠢᠶᠠᠷ ᠳᠠᠮᠵᠢᠭᠤᠯᠤᠨ᠂ ᠨᠠᠰᠤᠲᠠᠶᠢᠴᠤᠳ ᠲᠤ ᠮᠡᠬᠡᠯᠡᠯ ᠢ ᠰᠡᠷᠭᠡᠶᠢᠯᠡᠬᠦ ᠣᠬᠠᠭᠤᠯᠭ᠎ᠠ ᠦᠷᠨᠢᠬᠦᠯᠪᠡ᠃ | ᠰᠠᠶᠢᠨ ᠲᠤᠷᠠᠴᠤᠳ ᠴᠡᠴᠡᠷᠯᠢᠭ ᠂ ᠠᠭᠤᠳᠠᠮ ᠲᠠᠯᠠᠪᠠᠢ ᠳᠤ ᠬᠦᠨᠵᠡᠭᠡᠶᠢᠷᠡᠨ᠂ ᠬᠥᠨᠳᠡᠯᠡᠨ ᠪᠢᠴᠢᠭᠡᠰᠦ ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠨᠢᠭᠤᠷᠳᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠳᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠣᠬᠠᠭᠤᠯᠪᠠ ᠃ ᠲᠡᠳᠡᠭᠡᠷ | ᠪᠠᠰᠠ ᠳᠡᠷᠭᠡᠳᠡᠬᠢ ᠦᠨᠡᠨ ᠪᠣᠳᠠᠲᠠᠶ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠡᠳᠡᠨ ᠳᠤ ᠦᠷᠭᠦᠯᠵᠢ ᠲᠣᠬᠢᠶᠠᠯᠳᠣᠳᠠᠭ ︽ᠦᠨ᠎ᠡ ᠲᠦᠯᠦᠪᠦᠷᠢ ᠦᠭᠡᠢ ᠪᠠᠷ ᠲᠠᠬᠢᠶᠠᠨ | ᠥᠨᠳᠡᠭᠡ ᠦᠭᠭᠦ︾ ︽ ᠦᠨ᠎ᠡ ᠲᠦᠯᠦᠪᠦᠷᠢ ᠦᠭᠡᠢ ᠪᠠᠷ ᠱᠠᠩᠨᠠᠯ ᠰᠤᠭᠤᠯᠬᠤ︾᠂ ᠴᠠᠬᠢᠯᠭᠠᠨ ᠬᠤᠯᠪᠣᠭᠠᠨ ᠤ ᠮᠡᠬᠡᠯᠡᠯ᠂ ᠡᠷᠡᠭᠦᠯᠵᠢᠯ ᠤᠨ ᠡᠮ ᠤᠨ ᠵᠦᠢᠯ | ᠪᠣᠷᠣᠯᠠᠭᠤᠯᠬᠤ ᠵᠡᠷᠭᠡ ᠮᠡᠬᠡᠯᠡᠬᠦ ᠠᠷᠭ᠎ᠠ ᠪᠠᠷᠢᠯ ᠢ ᠲᠠᠶᠢᠯᠪᠣᠷᠢᠯᠠᠨ᠂ ᠨᠠᠰᠣᠲᠠᠳ ᠢ ᠡᠳᠦᠷ ᠲᠤᠲᠤᠮ ᠤᠨ ᠠᠮᠢᠳᠤᠷᠠᠯ ᠳᠤᠮᠳᠠ ︽ᠰᠣᠨᠣᠰᠬᠤ ᠦᠭᠡᠢ᠂ ᠢᠲᠡᠭᠡᠬᠦ | ᠦᠭᠡᠢ᠂ ᠲᠡᠩᠰᠠ ᠰᠢᠯᠵᠢᠭᠦᠯᠬᠦ ᠤᠢᠭᠡᠢ᠂ ᠵᠣᠭᠤᠰ ᠭᠤᠪᠢᠭᠤᠯᠬᠤ ᠦᠭᠡᠢ︾᠂ ᠰᠡᠷᠡᠮᠵᠢᠯᠡᠬᠦ ᠰᠡᠳᠬᠢᠴᠡ ᠪᠠᠨ ᠪᠠᠲᠣᠯᠠᠨ᠂ ᠮᠡᠬᠡᠯᠡᠭᠳᠡᠬᠦ ᠠᠴᠠ ᠵᠠᠶᠢᠯᠠᠰᠬᠢᠵᠤ᠂ | ᠥᠪᠡᠷ ᠤᠨ ︽ᠵᠣᠭᠤᠰᠣᠨ ᠤᠭᠤᠲᠠ︾ ᠪᠠᠨ ᠰᠠᠶᠢᠲᠤᠷ ᠰᠠᠬᠢᠬᠤ ᠬᠡᠷᠡᠭᠲᠡᠶ ᠬᠡᠮᠡᠨ ᠰᠠᠨᠠᠭᠤᠯᠣᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ᠂ ᠡᠯ᠎ᠡ | ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ | ᠲᠠᠷᠠᠭᠠᠴᠢ ᠶᠢᠨ ᠠᠯᠬᠤᠮ ᠳᠤ᠂ ᠶᠡᠭᠡ ᠰᠢᠭᠡᠲᠡᠢ ᠪᠠᠯᠭᠠᠰᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ | ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠣᠯᠠᠨ ᠲᠠᠰ ᠳᠠᠪᠬᠤᠷᠭ᠎ᠠ ᠪᠠᠷ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠳᠠᠯᠳᠠ | ᠬᠡᠮ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠵᠤ᠂ ᠬᠠᠤᠯᠢ ᠴᠠᠭᠠᠵᠠ ᠶᠢᠨ ᠤᠬᠠᠭᠤᠯᠭ᠎ᠠ ᠪᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠦᠴᠦᠨ ᠢ | ᠪᠠᠳᠠᠷᠠᠭᠤᠯᠵᠤ᠂ ᠨᠠᠰᠤᠲᠠᠶᠢᠴᠤᠳ ᠤᠨ ᠬᠠᠤᠯᠢ ᠪᠠᠷ ᠵᠠᠰᠠᠬᠤ ᠤᠬᠠᠮᠰᠠᠷ ᠪᠠ ᠮᠡᠬᠡᠯᠡᠬᠦ ᠶᠢ ᠮᠡᠳᠡᠬᠦ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠪᠥᠬᠦ ᠬᠦᠴᠦᠨ ᠢᠶᠠᠷ | ᠳᠡᠭᠡᠭᠰᠢᠯᠡᠭᠦᠯᠵᠦ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠰᠤᠯ ᠲᠠᠢ᠂ ᠥᠲᠡᠯᠪᠡᠯ ᠠᠮᠤᠷ ᠠᠮᠤᠭᠤᠯᠠᠩ | ᠪᠠᠶᠢᠬᠤ ᠶᠢ ᠪᠠᠲᠤᠯᠠᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠬᠦᠯᠬᠦ ᠪᠠᠷ ᠪᠣᠢ᠃ |