ᠰᠢ ᠶᠢᠨ ᠫᠢᠩ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/7/15
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 12 ᠤᠨ ᠴᠠᠬᠢᠯᠭᠠᠨ ᠮᠡᠳᠡᠭᠡ 7 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠳᠤ ᠪᠠᠶᠠᠷ ᠤᠨ ᠵᠠᠬᠢᠳᠠᠯ ᠢᠯᠡᠭᠡᠪᠡ᠃     ᠰᠢ ᠶᠢᠨ ᠫᠢᠩ᠂ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠣᠯ ᠮᠡᠳᠡᠭᠡ ᠵᠠᠩᠭᠢᠵᠢᠯᠲᠠ ᠶᠢᠨ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠲᠠᠭᠠᠬᠤ᠂ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠥᠨᠳᠥᠷ ᠭᠠᠷᠤᠭ᠎ᠠ ᠠᠴᠠ ᠲᠥᠯᠥᠪᠵᠢᠭᠦᠯᠵᠤ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ ᠶᠢ ᠪᠠᠷᠢᠮᠲᠠᠯᠠᠵᠤ᠂ ᠶᠠᠷᠢᠯᠴᠠᠭ᠎ᠠ ᠰᠣᠯᠢᠯᠴᠠᠭ᠎ᠠ ᠪᠠᠷ ᠳᠠᠮᠵᠢᠭᠤᠯᠤᠨ ᠬᠠᠮᠲᠤ ᠪᠠᠷ ᠵᠥᠪᠳᠡᠯᠴᠡᠬᠦ ᠶᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠤᠨ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠥᠭᠵᠢᠯᠲᠡ ᠵᠠᠰᠠᠯᠲᠠ ᠶᠢᠨ ᠲᠥᠯᠥᠭᠡ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠰᠦᠯᠵᠢᠶᠡᠨ ᠤ ᠣᠷᠣᠨ ᠵᠠᠢ ᠨᠢ ᠬᠥᠮᠦᠨ ᠲᠥᠷᠥᠯᠬᠢᠲᠡᠨ ᠤ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠂ ᠰᠦᠯᠵᠢᠶᠡᠨ ᠤ ᠣᠷᠣᠨ ᠵᠠᠢ ᠶᠢᠨ ᠢᠷᠡᠭᠡᠳᠦᠢ ᠶᠢ ᠳᠡᠯᠡᠬᠡᠢ ᠶᠢᠨ ᠡᠯ᠎ᠡ ᠤᠯᠤᠰ ᠬᠠᠮᠲᠤ ᠪᠠᠷ ᠨᠡᠭᠡᠭᠡᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ᠂ ᠡᠭᠦᠨ ᠢᠶᠠᠷ ᠴᠢᠬᠤᠯᠠ ᠠᠵᠠ ᠲᠣᠬᠢᠶᠠᠯ ᠪᠣᠯᠭᠠᠵᠤ᠂ ᠨᠡᠩ ᠲᠥᠪ ᠭᠤᠣᠯᠴᠢ ᠵᠦᠢ ᠵᠣᠬᠢᠰᠲᠠᠢ᠂ ᠨᠡᠭᠡᠭᠡᠯᠲᠡᠲᠡᠢ ᠪᠠᠭᠲᠠᠭᠠᠮᠵᠢᠲᠠᠢ᠂ ᠠᠮᠤᠷ ᠲᠦᠪᠰᠢᠨ ᠲᠣᠭᠲᠠᠭᠤᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠶᠢ ᠠᠬᠢᠭᠤᠯᠵᠤ᠂ ᠢᠨᠲ᠋ᠧᠷ ᠰᠦᠯᠵᠢᠶ᠎ᠡ ᠪᠠᠷ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠤ ᠴᠢᠬᠤᠯᠠᠴᠢᠯᠠᠪᠠ᠃     ᠳᠡᠯᠡᠬᠡᠶ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠪᠠᠶᠢᠭᠤᠯᠤᠭᠳᠠᠬᠤ ᠶᠡᠭᠡ ᠬᠤᠷᠠᠯ ᠲᠤᠬᠠᠶ ᠶᠢᠨ ᠡᠳᠦᠷ ᠪᠡᠭᠡᠵᠢᠩ ᠳᠤ ᠶᠠᠪᠤᠭᠳᠠᠪᠠ᠂ ᠭᠡᠰᠢᠭᠦᠨ ᠳᠤ ᠪᠥᠬᠦ ᠳᠡᠯᠡᠬᠡᠶ ᠶᠢᠨ ᠢᠨᠲ᠋ᠧᠷ ᠰᠦᠯᠵᠢᠶᠡᠨ ᠤ ᠬᠦᠷᠢᠶᠡᠨ ᠳᠠᠬᠢ ᠬᠤᠯᠪᠣᠭᠳᠠᠯ ᠪᠥᠬᠦᠶ ᠣᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠪᠠᠶᠢᠭᠤᠯᠤᠮᠵᠢ ᠪᠠ ᠲᠤᠰᠬᠠᠶ ᠮᠡᠷᠭᠡᠵᠢᠯᠲᠡᠨ ᠡᠷᠳᠡᠮᠲᠡᠨ ᠨᠠᠷ ᠪᠠᠭᠲᠠᠨ᠎ᠠ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ