ᠬᠤᠲᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠡᠮᠦᠨᠡᠲᠦ ᠬᠤᠰᠢᠭᠤᠨ ᠳᠤ ᠰᠠᠭᠤᠭ᠎ᠠ ᠠᠵᠢᠯ ᠤᠨ ᠬᠤᠯᠪᠣᠭ᠎ᠠ ᠠᠪᠬᠤ ᠭᠠᠵᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2022/7/15
     ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠤᠷᠠᠳ ᠤᠨ ᠡᠮᠦᠨᠡᠲᠦ ᠬᠤᠰᠢᠭᠤᠨ ᠳᠤ ᠰᠠᠭᠤᠭ᠎ᠠ ᠠᠵᠢᠯ ᠤᠨ ᠬᠤᠯᠪᠣᠭ᠎ᠠ ᠠᠪᠬᠤ ᠭᠠᠵᠠᠷ ᠵᠢᠩᠬᠢᠨᠢ ᠪᠠᠷ ᠫᠠᠶᠢᠰᠠ ᠡᠯᠭᠦᠪᠡ᠃     ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠤᠷᠠᠳ ᠤᠨ ᠡᠮᠦᠨᠡᠲᠦ ᠬᠤᠰᠢᠭᠤᠨ ᠳᠤ ᠰᠠᠭᠤᠭ᠎ᠠ ᠠᠵᠢᠯ ᠤᠨ ᠬᠤᠯᠪᠣᠭ᠎ᠠ ᠠᠪᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠣᠯᠠᠨ ᠵᠦᠢᠯ ᠤᠨ ᠬᠡᠯᠪᠡᠷᠢ ᠶᠢᠨ ᠠᠵᠤ ᠠᠬᠤᠢ ᠠᠷᠠᠯᠵᠢᠶᠠᠨ ᠤ ᠵᠥᠪᠳᠡᠯᠴᠡᠭᠡ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠣᠯᠳᠠᠯᠭ᠎ᠠ ᠲᠠᠢ ᠥᠷᠨᠢᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠡᠯ᠎ᠡ ᠲᠥᠷᠥᠯ ᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ᠂ ᠲᠥᠷᠥᠯ ᠵᠦᠢᠯ ᠤᠨ ᠵᠥᠪᠳᠡᠯᠴᠡᠭᠡ ᠪᠠ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠡᠷᠭᠢᠯᠡᠬᠦ ᠶᠢ ᠳᠡᠮᠵᠢᠨ ᠬᠠᠮᠵᠢᠯᠴᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠤᠯᠤᠰ ᠤᠨ ᠭᠠᠳᠠᠭᠠᠳᠤ ᠳᠣᠲᠣᠭᠠᠳᠤ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ RCEP ︵︽ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾︶ ᠵᠡᠷᠭᠡ ᠠᠵᠤ ᠠᠬᠤᠢ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠨᠠᠩ ᠣᠯᠠᠨ ᠠᠵᠤ ᠠᠬᠤᠶᠢᠯᠠᠯ ᠳᠤ ᠠᠵᠠ ᠲᠣᠬᠢᠶᠠᠯ ᠢ  ᠠᠮᠵᠢᠭᠤᠯᠵᠤ᠂ ᠠᠰᠢᠭ ᠲᠤᠰᠠ ᠬᠦᠷᠲᠡᠭᠡᠨ᠎ᠡ᠃     ᠪᠠᠶᠠᠨᠨᠠᠭᠤᠷ ᠬᠤᠲᠠ ᠶᠢᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠤᠷᠠᠳ ᠤᠨ ᠡᠮᠦᠨᠡᠲᠦ ᠬᠤᠰᠢᠭᠤᠨ ᠳᠤ ᠰᠠᠭᠤᠭ᠎ᠠ ᠠᠵᠢᠯ ᠤᠨ ᠬᠤᠯᠪᠣᠭ᠎ᠠ ᠠᠪᠬᠤ ᠴᠡᠭ ᠢ ᠪᠠᠶᠢᠭᠤᠯᠤᠭᠰᠠᠨ ᠨᠢ ᠪᠥᠬᠦ ᠬᠤᠲᠠ ᠶᠢᠨ ᠪᠡᠯᠡ ᠣᠷᠣᠭᠤᠯᠤᠯᠲᠠ ᠠᠷᠠᠯᠵᠢᠶ᠎ᠠ ᠶᠢ ᠠᠬᠢᠭᠤᠯᠬᠤ ᠠᠵᠢᠯ ᠤᠨ ᠬᠤᠯᠪᠣᠭ᠎ᠠ ᠠᠪᠬᠤ ᠲᠣᠭᠲᠠᠴᠠ ᠶᠢ ᠥᠷᠭᠡᠳᠬᠡᠨ ᠵᠠᠯᠭᠠᠮᠵᠢᠯᠠᠵᠤ᠂ ᠪᠥᠬᠦ ᠬᠤᠲᠠ ᠶᠢᠨ ᠪᠡᠯᠡ ᠣᠷᠣᠭᠤᠯᠤᠯᠲᠠ ᠠᠷᠠᠯᠵᠢᠶ᠎ᠠ ᠶᠢᠨ ᠡᠬᠢ ᠪᠠᠶᠠᠯᠢᠭ ᠢ ᠨᠠᠩ ᠪᠦᠲᠦᠮᠵᠢᠲᠡᠶ ᠪᠠᠷ ᠳᠠᠶᠢᠴᠢᠯᠠᠨ ᠨᠡᠶᠢᠯᠡᠭᠦᠯᠵᠦ᠂ ᠠᠷᠠᠯᠵᠢᠶ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠬᠤ ᠲᠣᠬᠢᠶᠠᠯ ᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠣᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ